ᠰᠢᠤᠸᠠᠢ ᠹᠧᠩ ᠴᠢᠩ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ 7 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/20

    2 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠠᠷᠪᠠᠨ

ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ 7

ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ

ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃

    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ

ᠴᠢᠬᠤᠯᠠ ᠥᠭᠦᠯᠡᠯᠲᠡ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠬᠠᠢ ᠴᠢᠬᠤᠯᠠ ᠵᠢᠭᠠᠪᠤᠷᠢ᠂ ᠭᠢᠷᠢᠨ

ᠮᠤᠵᠢ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ

ᠦᠶᠡᠰ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ

ᠵᠢᠴᠢ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ︾ ᠴᠢᠬᠤᠯᠠ ᠵᠣᠬᠢᠶᠠᠯ ᠤᠨ ᠵᠣᠷᠢᠭ

ᠰᠠᠨᠠᠭ᠎ᠠ ᠶᠢ ᠤᠯᠠᠮᠵᠢᠯᠠᠨ ᠰᠤᠷᠤᠯᠴᠠᠪᠠ᠃

    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ

ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ

ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠲᠠᠰᠤᠷᠠᠯᠲᠠ

ᠦᠭᠡᠢ ᠴᠢᠩᠭᠠᠳᠬᠠᠵᠤ᠂ ᠭᠤᠣᠯᠳᠠᠯᠭ᠎ᠠ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ

ᠪᠠᠶᠢᠭᠤᠯᠤᠯᠲᠠ ᠪᠠᠷ ᠥᠭᠡᠷᠡᠴᠢᠯᠡᠯᠲᠡ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ

ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨᠬᠦ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ᠂

ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠤᠨᠤᠯ ᠢᠶᠠᠷ ᠵᠡᠪᠰᠡᠭᠯᠡᠬᠦ᠂ ᠵᠣᠬᠢᠶᠠᠨ ᠪᠠᠶᠢᠭᠤᠯᠤᠯᠲᠠ ᠶᠢᠨ

ᠪᠠᠶᠢᠭᠤᠯᠤᠯᠲᠠ᠂ ᠰᠠᠬᠢᠯᠭ᠎ᠠ ᠪᠠᠲᠤ ᠣᠪᠣᠷ ᠰᠤᠷᠲᠠᠯ ᠵᠡᠷᠭᠡ ᠲᠠᠯ᠎ᠠ ᠪᠠᠷ ᠦᠷᠭᠦᠯᠵᠢᠯᠡᠨ ᠭᠦᠨᠵᠡᠭᠡᠢ ᠪᠥᠭᠡᠳ ᠨᠠᠷᠢᠯᠢᠭ

ᠠᠵᠢᠯᠯᠠᠵᠤ᠂ ᠨᠡᠩ ᠴᠤ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ

ᠬᠤᠪᠢᠷᠠᠭᠤᠯᠵᠤ᠂ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ

ᠬᠤᠪᠢᠷᠠᠭᠤᠯᠬᠤ ᠬᠡᠷᠡᠭᠲᠡᠢ᠃

    ᠬᠤᠷᠠᠯ ᠠᠴᠠ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ

ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠦᠢᠯ ᠳᠠᠷᠠᠭᠠᠯᠠᠨ

ᠰᠤᠳᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ

ᠲᠣᠭᠲᠠᠭᠤᠨ ᠢ ᠬᠠᠮᠠᠭᠠᠯᠠᠬᠤ ᠠᠵᠢᠯ ᠢ ᠲᠤᠬᠢᠷᠠᠭᠤᠯᠪᠠ᠃ 2024 ᠣᠨ ᠤ ᠦᠨᠳᠦᠰᠦᠨ ᠱᠠᠲᠤᠨ ᠤ ᠳᠠᠷᠤᠭᠠᠰᠤ ᠶᠢ

ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ᠂ 2024 ᠣᠨ ᠤ ᠨᠢᠭᠡᠳᠦᠮᠡᠯ ᠹᠷᠣᠨᠲ ᠤᠨ ᠠᠵᠢᠯ ᠤᠨ

ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃

    ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾

ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠥᠷᠢᠴᠡᠯ ᠵᠢᠭᠤᠷᠠᠯᠳᠤᠭᠠᠨ ᠢ ᠡᠷᠲᠡ ᠢᠯᠡᠷᠡᠭᠦᠯᠵᠦ᠂ ᠡᠷᠲᠡ

ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂

ᠠᠵᠢᠯᠲᠠᠨ ᠢ ᠲᠤᠬᠠᠶ ᠶᠢᠨ ᠭᠠᠵᠠᠷ ᠲᠤᠨᠢ ᠲᠣᠭᠲᠠᠭᠤᠨ ᠢᠶᠠᠷ ᠬᠢᠵᠠᠭᠠᠷᠯᠠᠬᠤ ᠬᠡᠷᠡᠭᠲᠡᠶ᠃ ᠣᠯᠠᠨ ᠲᠦᠮᠡᠨ ᠤ

ᠲᠤᠰᠬᠠᠭᠰᠠᠨ ᠵᠦᠶ ᠶᠣᠰᠣᠨ ᠤ ᠭᠤᠮᠣᠳᠠᠯ ᠱᠠᠭᠠᠷᠳᠠᠯᠭ᠎ᠠ ᠶᠢ ᠦᠳᠲᠡᠷ ᠲᠦᠷᠭᠡᠨ ᠳᠠᠭᠠᠵᠤ᠂ ᠢᠳᠡᠪᠬᠢᠲᠡᠶ ᠪᠠᠷ

ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ︔ ᠵᠦᠶ ᠵᠣᠬᠢᠰ ᠦᠭᠡᠢ ᠭᠤᠮᠣᠳᠠᠯ ᠱᠠᠭᠠᠷᠳᠠᠯᠭ᠎ᠠ ᠳᠤ ᠲᠥᠷᠥ ᠶᠢᠨ

ᠪᠣᠳᠣᠯᠭ᠎ᠠ ᠶᠢ ᠲᠠᠶᠢᠯᠪᠤᠷᠢᠯᠠᠬᠤ ᠪᠠ ᠦᠵᠡᠯ ᠰᠠᠨᠠᠭ᠎ᠠ ᠶᠢ ᠬᠥᠲᠥᠯᠥᠨ ᠵᠢᠯᠣᠭᠤᠳᠬᠤ ᠠᠵᠢᠯ ᠢ ᠬᠦᠯᠢᠴᠡᠩᠭᠦᠶ ᠨᠢᠮᠪᠠᠶ

ᠰᠠᠶᠢᠲᠤᠷ ᠬᠢᠵᠦ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠳᠡᠮᠵᠢᠬᠦ ᠠᠵᠢᠯ ᠢ ᠦᠨᠡᠨ ᠬᠦ

ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠶᠣᠰᠣ ᠪᠤᠰᠤ ᠪᠠᠷ ᠠᠪᠤᠭᠰᠠᠨ᠂ ᠮᠠᠭᠤ ᠰᠠᠨᠠᠭ᠎ᠠ ᠲᠠᠢ ᠪᠠᠷ ᠵᠠᠬᠢᠳᠠᠯ

ᠰᠤᠷᠪᠤᠯᠵᠢᠯᠠᠭ᠎ᠠ᠂ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ

ᠡᠷᠡᠰ ᠴᠣᠬᠢᠯᠲᠠ ᠥᠭᠴᠦ᠂ ᠵᠠᠬᠢᠳᠠᠯ ᠰᠤᠷᠪᠤᠯᠵᠢᠯᠠᠯ ᠤᠨ ᠬᠡᠪ ᠤᠨ ᠡᠮᠬᠢ ᠵᠢᠷᠤᠮ ᠪᠠ ᠨᠡᠶᠢᠭᠡᠮ ᠤᠨ ᠤᠯᠠᠨ

ᠨᠡᠶᠢᠲᠡ ᠶᠢᠨ ᠡᠮᠬᠢ ᠳᠢᠭᠯᠢᠮ ᠢ ᠬᠠᠮᠠᠭᠠᠯᠠᠵᠤ᠂ ᠪᠦᠬᠦ ᠤᠯᠤᠰ ᠤᠨ ᠬᠤᠶᠠᠷ ᠬᠤᠷᠠᠯ ᠤᠨ ᠤᠷᠤᠭᠰᠢᠲᠠᠢ

ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ᠃

    ᠬᠤᠷᠠᠯ ᠠᠴᠠ᠂ ᠪᠦᠬᠦ ᠰᠢᠶᠠᠨ ᠢᠶᠠᠷ ᠢᠶᠠᠨ ᠳᠡᠭᠡᠳᠦ ᠱᠠᠲᠤᠨ ᠤ ᠦᠨᠳᠦᠰᠦᠨ ᠱᠠᠲᠤᠨ ᠤ ᠳᠠᠷᠤᠭᠠᠰᠤ ᠶᠢ

ᠬᠥᠩᠭᠡᠷᠡᠭᠦᠯᠬᠦ ᠲᠤᠬᠠᠢ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠣᠳᠠᠲᠠᠢ ᠳᠤ

ᠨᠠᠶᠢᠳᠠᠪᠤᠷᠢᠵᠢᠭᠤᠯᠬᠤ ᠶᠢ ᠪᠠᠲᠤᠯᠠᠵᠤ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ ᠤᠶᠤᠨ

ᠴᠢᠳᠠᠯ ᠢᠶᠠᠷ ᠪᠣᠳᠠᠲᠠᠢ ᠠᠵᠢᠯ ᠬᠢᠵᠦ᠂ ᠦᠨᠡᠨ ᠶᠠᠪᠤᠳᠠᠯ ᠢ ᠬᠢᠬᠦ ᠬᠡᠷᠡᠭᠲᠡᠢ᠃ ᠡᠯ᠎ᠡ ᠵᠦᠢᠯ ᠤᠨ ᠠᠵᠢᠯ ᠢ ᠡᠩ ᠤᠨ

ᠴᠠᠭ ᠲᠤ ᠠᠳᠬᠤᠵᠤ᠂ ᠲᠦᠷ ᠴᠠᠭ ᠤᠨ ᠰᠢᠪᠲᠤᠯᠤᠯᠲᠠ ᠠᠴᠠ ᠵᠠᠶᠢᠯᠠᠰᠬᠢᠵᠦ᠂ ᠦᠨᠳᠦᠰᠦᠨ ᠱᠠᠲᠤᠨ ᠤ ᠳᠠᠷᠤᠭᠠᠰᠤ ᠶᠢ

ᠬᠥᠩᠭᠡᠷᠡᠭᠦᠯᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨ ᠬᠦ ᠠᠬᠢᠭᠤᠯᠵᠤ᠂ ᠦᠨᠳᠦᠰᠦᠨ ᠱᠠᠲᠤᠨ ᠤ

ᠺᠠᠳ᠋ᠷᠴᠤᠳ ᠲᠤ ᠨᠡᠩ ᠠᠰᠢᠭᠲᠠᠢ ᠠᠵᠢᠯ ᠬᠢᠵᠦ ᠦᠢᠯᠡᠰ ᠪᠤᠰᠬᠠᠬᠤ ᠣᠷᠴᠢᠨ ᠨᠥᠬᠦᠴᠡᠯ ᠢ ᠪᠤᠢ ᠪᠣᠯᠭᠠᠵᠤ ᠥᠭᠬᠦ

ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠵᠦ᠂ ᠰᠢ ᠶᠢᠨ ᠫᠢᠩ ᠶᠡᠷᠦᠩᠬᠡᠢ

ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ

ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ

ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠠᠴᠠ ᠨᠢᠭᠡᠳᠦᠯᠲᠡᠢ

ᠤᠳᠤᠷᠢᠳᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ ᠪᠦᠬᠦᠢ

ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠡᠭᠡ ᠨᠢᠭᠡᠳᠦᠮᠡᠯ ᠹᠷᠣᠨᠲ ᠤᠨ ᠠᠵᠢᠯ ᠤᠨ

ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ

ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃

ᠬᠤᠷᠠᠯ ᠠᠴᠠ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ

ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾᠂ ︽ᠳᠤᠮᠳᠠᠳᠤ ᠤᠯᠤᠰ ᠤᠨ ᠡᠪ

ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ

ᠰᠠᠶᠢᠵᠢᠷᠠᠭᠤᠯᠵᠤ ᠦᠨᠡᠯᠡᠨ ᠵᠢᠱᠢᠬᠦ ᠠᠷᠭ᠎ᠠ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ

ᠰᠤᠷᠤᠯᠴᠠᠪᠠ᠃

 ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ︔ ᠰᠢᠶᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂

ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂

ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ ᠵᠢᠴᠢ

ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ

ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2