ᠮᠠᠨ ᠤ ᠰᠢᠶᠠᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ | ᠴᠢᠩᠭᠠᠳᠬᠠᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢᠨ ᠡᠬᠢ ᠡᠭᠦᠰᠦᠯ ᠤᠨ ᠬᠠᠮᠢᠶᠠᠷᠤᠯᠲᠠ ᠶᠢ | ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠰᠠᠯᠠᠭ᠎ᠠ ᠮᠥᠴᠢᠷ ᠤᠨ ᠲᠥᠰᠦᠪ ᠤᠨ ᠠᠮᠵᠢᠯᠲᠠ ᠪᠦᠲᠦᠮᠵᠢ ᠶᠢᠨ | ᠬᠠᠷᠠᠯᠲᠠ ᠶᠢ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠠᠮᠵᠢᠯᠲᠠ | ᠪᠦᠲᠦᠮᠵᠢ ᠶᠢᠨ ᠬᠠᠷᠠᠯᠲᠠ ᠶᠢ ᠲᠥᠰᠦᠪ ᠤᠨ ᠲᠣᠬᠢᠷᠠᠭᠤᠯᠤᠯᠲᠠ ᠶᠢᠨ ᠴᠢᠬᠤᠯᠠ ᠪᠦᠬᠦᠢ ᠨᠥᠬᠦᠴᠡᠯ ᠪᠣᠯᠭᠠᠬᠤ | ᠬᠡᠷᠡᠭᠲᠡᠶ᠃ 2024 ᠣᠨ ᠤ 1 ᠰᠠᠷ᠎ᠠ ᠳᠤ᠂ ᠮᠠᠨ ᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ 2024 ᠣᠨ ᠤ | ᠰᠠᠯᠠᠭ᠎ᠠ ᠮᠥᠴᠢᠷ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠲᠥᠪᠯᠡᠷᠡᠭᠦᠯᠦᠨ ᠬᠢᠨᠠᠨ | ᠬᠠᠷᠭᠤᠭᠤᠯᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ | ᠠᠮᠵᠢᠯᠲᠠ ᠪᠦᠲᠦᠮᠵᠢ ᠶᠢᠨ ᠬᠠᠷᠠᠯᠲᠠ 71 ᠪᠠᠶᠢᠵᠤ᠂ ᠲᠥᠷᠥᠯ ᠵᠦᠶ᠋ᠯ ᠤᠨ ᠵᠠᠷᠤᠯᠭ᠎ᠠ 33 ᠶᠢ ᠬᠢᠨᠠᠨ ᠬᠠᠷᠭᠤᠭᠤᠯᠵᠤ᠂ | 6 ᠲᠤᠬᠠᠶᠢᠯᠠᠭᠰᠠᠨ ᠠᠵᠢᠯ ᠤᠨ ᠲᠠᠰᠤᠭ ᠤᠨ ᠲᠥᠷᠥᠯ ᠵᠦᠶ᠋ᠯ ᠢ ᠬᠢᠨᠠᠨ ᠬᠠᠷᠭᠤᠭᠤᠯᠬᠤ ᠲᠥᠰᠦᠪ ᠤᠨ ᠵᠣᠭᠤᠰ ᠤᠨ | ᠲᠤᠭ᠎ᠠ 4012.6774 ᠲᠦᠮᠡᠨ ᠲᠥᠭᠦᠷᠢᠭ ᠲᠤ ᠬᠦᠷᠴᠦ᠂ ᠬᠠᠨᠳᠤᠯᠭᠠᠲᠤ ᠴᠢᠨᠠᠷᠲᠠᠶ ᠪᠠᠷ 5 ᠵᠦᠶ᠋ᠯ ᠤᠨ ᠬᠢᠨᠠᠨ | ᠬᠠᠷᠭᠤᠭᠤᠯᠤᠭᠰᠠᠨ ᠰᠠᠨᠠᠯ ᠢ ᠳᠤᠷᠠᠳᠪᠠ᠃ | ᠬᠢᠨᠠᠨ ᠬᠠᠷᠭᠤᠭᠤᠯᠤᠭᠰᠠᠨ ᠰᠠᠨᠠᠯ ᠤᠨ ᠲᠤᠰᠬᠠᠶ ᠮᠡᠷᠭᠡᠵᠢᠯ ᠤᠨ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠲᠣᠰ | ᠲᠣᠪᠴᠢᠶ᠎ᠠ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠣᠨᠴᠠᠭᠠᠶᠢᠯᠠᠨ ᠨᠠᠶᠢᠳᠠᠵᠤ ᠲᠤᠰᠬᠠᠶ ᠮᠡᠷᠭᠡᠵᠢᠯ ᠤᠨ ᠬᠢᠨᠠᠨ | ᠬᠠᠷᠭᠤᠭᠤᠯᠬᠤ ᠳᠤᠭᠤᠶᠢᠯᠠᠩ ᠪᠠᠶᠢᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠠᠮᠵᠢᠯᠲᠠ ᠪᠦᠲᠦᠮᠵᠢ ᠶᠢᠨ | ᠲᠤᠰᠬᠠᠶ ᠮᠡᠷᠭᠡᠵᠢᠯᠲᠡᠨ ᠤ ᠲᠤᠰᠬᠠᠶ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠪᠠ᠃ 2024 ᠣᠨ ᠤ | ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ ᠳᠤ ᠣᠷᠣᠭᠤᠯᠤᠭᠰᠠᠨ ᠪᠣᠶ ᠪᠥᠬᠦᠶ ᠲᠣᠰ | ᠱᠠᠲᠤᠨ ᠤ ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠵᠤ᠂ | ᠲᠥᠰᠦᠪ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠶᠢ ᠪᠥᠬᠦ ᠲᠠᠯ᠎ᠠ ᠪᠠᠷ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ | ᠰᠠᠯᠠᠭ᠎ᠠ ᠮᠥᠴᠢᠷ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢᠨ ᠪᠠᠶᠢᠷᠢᠯᠠᠭᠤᠯᠤᠯᠲᠠ ᠶᠢᠨ ᠬᠤᠯᠪᠣᠭᠳᠠᠬᠤ | ᠴᠢᠨᠠᠷ᠂ ᠪᠦᠷᠢᠨ ᠪᠦᠲᠦᠨ ᠴᠢᠨᠠᠷ᠂ ᠲᠣᠬᠢᠷᠠᠮᠵᠢᠲᠠᠶ ᠴᠢᠨᠠᠷ᠂ ᠪᠣᠯᠤᠮᠵᠢᠲᠤ ᠴᠢᠨᠠᠷ᠂ ᠵᠢᠷᠤᠮᠵᠢᠯ ᠤᠨ ᠴᠢᠨᠠᠷ ᠵᠡᠷᠭᠡ ᠶᠢ ᠪᠥᠬᠦ | ᠲᠠᠯ᠎ᠠ ᠪᠠᠷ ᠬᠢᠨᠠᠨ ᠬᠠᠷᠭᠤᠭᠤᠯᠬᠤ ᠪᠠᠷ ᠳᠠᠮᠵᠢᠭᠤᠯᠤᠨ᠂ ᠰᠠᠯᠠᠭ᠎ᠠ ᠮᠥᠴᠢᠷ ᠤᠨ ᠲᠥᠰᠦᠪ ᠤᠨ ᠠᠮᠵᠢᠯᠲᠠ | ᠪᠦᠲᠦᠮᠵᠢ ᠶᠢᠨ ᠬᠠᠷᠠᠯᠲᠠ ᠶᠢ ᠨᠠᠶᠢᠷᠠᠭᠤᠯᠤᠨ ᠵᠣᠬᠢᠶᠠᠬᠤ ᠳᠤ ᠣᠷᠣᠰᠢᠵᠤ ᠪᠠᠶᠢᠭ᠎ᠠ ᠠᠮᠵᠢᠯᠲᠠ ᠪᠦᠲᠦᠮᠵᠢ ᠶᠢᠨ | ᠬᠠᠷᠠᠯᠲᠠ ᠶᠢᠨ ᠭᠦᠢᠴᠡᠳᠬᠡᠯ ᠲᠤᠭ᠎ᠠ ᠶᠢᠨ ᠪᠠᠶᠢᠷᠢᠯᠠᠭᠤᠯᠤᠯᠲᠠ ᠨᠢ ᠵᠢᠷᠤᠮᠵᠢᠯ ᠦᠭᠡᠶ᠂ ᠲᠡᠭᠦᠯᠳᠡᠷ ᠪᠤᠰᠤ᠂ ᠬᠠᠮᠢᠶ᠎ᠠ | ᠪᠦᠬᠦᠢ ᠴᠢᠨᠠᠷ ᠢᠶᠠᠷ ᠪᠠᠭᠤᠷᠠᠶ᠂ ᠭᠦᠢᠴᠡᠳᠬᠡᠬᠦ ᠲᠤᠭ᠎ᠠ ᠶᠢᠨ ᠠᠭᠤᠯᠭ᠎ᠠ ᠶᠢ ᠪᠥᠭᠡᠷᠡᠩᠬᠡᠶ ᠪᠣᠯᠭᠠᠬᠤ᠂ ᠨᠠᠷᠢᠯᠢᠭᠵᠢᠭᠤᠯᠤᠨ | ᠬᠡᠮᠵᠢᠶᠡᠵᠢᠭᠦᠯᠬᠦ ᠳᠤ ᠬᠦᠷᠦᠯᠴᠡᠬᠦ ᠦᠭᠡᠶ᠂ ᠭᠦᠢᠴᠡᠳᠬᠡᠬᠦ ᠲᠤᠭ᠎ᠠ ᠶᠢᠨ ᠲᠤᠭ᠎ᠠ ᠬᠡᠮᠵᠢᠭᠳᠡᠯ ᠨᠢ ᠬᠡᠲᠦ ᠥᠨᠳᠥᠷ ᠪᠤᠶᠤ | ᠬᠡᠲᠦ ᠳᠣᠤᠷ᠎ᠠ᠂ ᠭᠦᠢᠴᠡᠳᠬᠡᠬᠦ ᠲᠤᠭ᠎ᠠ ᠶᠢᠨ ᠠᠭᠤᠯᠭ᠎ᠠ ᠯᠤᠭ᠎ᠠ ᠵᠣᠬᠢᠴᠠᠯᠳᠤᠬᠤ ᠦᠭᠡᠢ ᠵᠡᠷᠭᠡ ᠠᠰᠠᠭᠤᠳᠠᠯ ᠢ ᠵᠢᠭᠠᠵᠤ | ᠭᠠᠷᠭᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠲᠣᠰ ᠤᠳᠠᠭᠠᠨ ᠤ ᠬᠢᠨᠠᠨ | ᠬᠠᠷᠭᠤᠭᠤᠯᠵᠤ ᠢᠯᠡᠷᠡᠭᠦᠯᠦᠭᠰᠡᠨ ᠠᠰᠠᠭᠤᠳᠠᠯ ᠢ ᠰᠢᠰᠲ᠋ᠧᠮ ᠲᠠᠢ ᠡᠮᠬᠢᠯᠡᠨ ᠳᠢᠭᠯᠡᠵᠦ᠂ ᠲᠥᠷᠥᠯ ᠬᠤᠪᠢᠶᠠᠵᠤ᠂ | ᠲᠥᠰᠦᠪ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠨᠠᠶᠢᠷᠠᠭᠤᠯᠤᠨ ᠵᠣᠬᠢᠶᠠᠬᠤ ᠪᠣᠯᠪᠠᠰᠤᠷᠠᠭᠤᠯᠤᠯ ᠤᠨ | ᠵᠢᠯᠣᠭᠤᠳᠣᠯᠭ᠎ᠠ ᠶᠢ ᠴᠢᠭᠯᠡᠭᠦᠯᠬᠦ ᠴᠢᠨᠠᠷᠲᠠᠶ ᠪᠠᠷ ᠴᠢᠩᠭᠠᠳᠬᠠᠵᠤ᠂ ᠲᠥᠰᠦᠪ ᠤᠨ ᠠᠮᠵᠢᠯᠲᠠ ᠪᠦᠲᠦᠮᠵᠢ ᠶᠢᠨ | ᠬᠠᠷᠠᠯᠲᠠ ᠶᠢ ᠨᠠᠶᠢᠷᠠᠭᠤᠯᠤᠨ ᠵᠣᠬᠢᠶᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠥᠰᠦᠪ ᠤᠨ | ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |