ᠬᠤᠸᠠᠳᠧ ᠰᠢᠶᠠᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠨᠠᠭᠤᠯᠭ᠎ᠠ᠂ ᠳᠤᠷᠠᠳᠤᠯᠭ᠎ᠠ ᠶᠢ ᠲᠥᠪᠯᠡᠷᠡᠭᠦᠯᠦᠨ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/21

    2 ᠰᠠᠷ᠎ᠠ ᠶᠢᠨ 21 ᠤ ᠡᠳᠦᠷ᠂ ᠬᠤᠸᠠᠳᠧ ᠰᠢᠶᠠᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠨᠠᠭᠤᠯᠭ᠎ᠠ᠂

ᠳᠤᠷᠠᠳᠤᠯᠭ᠎ᠠ ᠶᠢ ᠲᠥᠪᠯᠡᠷᠡᠭᠦᠯᠦᠨ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠦ᠋ ᡁᠢ

ᠢᠦᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ

ᠰᠢᠶᠤᠤ ᠵᠧᠨ ᠢᠦᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠳᠡᠳ᠋ ᠡᠷᠬᠢᠯᠡᠭᠴᠢ ᠵᠧᠩ ᠵᠧᠦ ᠴᠢ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠤᠤ

ᠪᠥᠸᠧ ᠰᠢᠶᠦ᠋ᠩ ᠵᠢᠴᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠵᠠᠰᠠᠭ ᠤᠨ

ᠣᠷᠳᠣᠨ ᠤ ᠠᠯᠪᠠᠨ ᠭᠡᠷ᠂ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ ᠤᠨ ᠬᠤᠯᠪᠣᠭᠳᠠᠯ ᠪᠦᠬᠦᠢ

ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

1740391306733008240.jpg

    ᠬᠤᠷᠠᠯ ᠳᠡᠭᠡᠷ᠎ᠡ᠂ ᠵᠧᠩ ᠵᠧᠦ ᠴᠢ᠂ ᠼᠤᠤ ᠪᠥᠸᠧ ᠰᠢᠶᠦ᠋ᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠤᠨ

ᠰᠠᠨᠠᠭᠤᠯᠭ᠎ᠠ ᠰᠠᠨᠠᠯ ᠪᠠ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ

ᠬᠤᠷᠠᠯᠳᠤᠭᠠᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠦᠭᠰᠡᠨ ᠪᠠᠶᠢᠳᠠᠯ ᠢ ᠲᠤᠰ

ᠲᠤᠰ ᠮᠡᠳᠡᠭᠳᠡᠪᠡ᠃

    ᠦ᠋ ᡁᠢ ᠢᠦᠢ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠡᠨᠡ ᠵᠢᠯ ᠤᠨ ᠰᠠᠨᠠᠭᠤᠯᠭ᠎ᠠ ᠳᠤᠷᠠᠳᠤᠯᠭ᠎ᠠ ᠶᠢ

ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠲᠤᠬᠠᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠲᠡᠷᠡ᠂ ᠤᠯᠤᠰ

ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂

ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠰᠠᠨᠠᠯ ᠳᠤᠷᠠᠳᠤᠯᠭ᠎ᠠ ᠶᠢ

ᠰᠢᠢᠳᠪᠦᠷᠢᠯᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ

ᠪᠠᠷᠢᠮᠲᠠᠯᠠᠵᠤ᠂ ᠰᠢᠢᠳᠪᠦᠷᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠦᠷ᠎ᠡ ᠪᠦᠲᠦᠭᠡᠯ ᠢᠶᠠᠨ ᠬᠤᠪᠢᠷᠠᠭᠤᠯᠬᠤ ᠶᠢ

ᠴᠢᠬᠤᠯᠠᠴᠢᠯᠠᠵᠤ᠂ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢᠨ ᠳᠤᠮᠳᠠᠬᠢ ᠰᠠᠶᠢᠨ ᠰᠡᠳᠬᠢᠴᠡ᠂ ᠰᠠᠶᠢᠨ ᠠᠷᠭ᠎ᠠ

ᠪᠤᠳᠤᠯᠭ᠎ᠠ ᠶᠢ ᠦᠨᠡᠨᠬᠦ ᠠᠵᠢᠯ ᠢᠶᠠᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ ᠭᠡᠵᠦ

ᠢᠯᠡᠳᠬᠡᠪᠡ᠃ ᠡᠭᠦᠨ ᠤ ᠬᠠᠮᠲᠤ᠂ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠᠷ ᠠᠵᠠ ᠲᠣᠬᠢᠶᠠᠯ

ᠪᠣᠯᠭᠠᠵᠤ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ

ᠳᠡᠭᠡᠭᠰᠢᠯᠡᠭᠦᠯᠦᠨ᠂ ᠨᠢᠭᠡ ᠶᠠᠪᠤᠳᠠᠯ ᠳᠤ ᠬᠠᠷᠢᠭᠤᠯᠲᠠ ᠥᠭᠴᠦ᠂ ᠨᠢᠭᠡ ᠵᠦᠢᠯ ᠳᠤ ᠬᠠᠨᠤᠮᠵᠢᠲᠠᠢ ᠪᠠᠶᠢᠬᠤ ᠶᠢ ᠴᠢᠷᠮᠠᠶᠢᠨ

ᠪᠡᠶᠡᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ

ᠶᠡᠭᠡ ᠬᠤᠪᠢ ᠨᠡᠮᠡᠷᠢ ᠦᠵᠡᠭᠦᠯᠦᠨ᠎ᠡ ᠭᠡᠪᠡ᠃

    ᠰᠢᠶᠤᠤ ᠵᠧᠨ ᠢᠦᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃

ᠲᠡᠷᠡ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂

ᠰᠠᠨᠠᠭᠤᠯᠭ᠎ᠠ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ

ᠴᠢᠨᠠᠷ ᠢᠶᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠢᠢᠳᠪᠦᠷᠢᠯᠡᠬᠦ ᠴᠠᠭ ᠤᠨ

ᠬᠢᠵᠠᠭᠠᠷ ᠢ ᠲᠣᠳᠣᠷᠬᠠᠶᠢᠯᠠᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠰᠠᠨᠠᠭᠤᠯᠭ᠎ᠠ ᠰᠠᠨᠠᠯ

ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠨᠠᠷᠢᠨ ᠪᠣᠳᠠᠲᠠᠢ ᠠᠳᠬᠤᠬᠤ ᠬᠡᠷᠡᠭᠲᠡᠢ᠃ ᠰᠢᠢᠳᠪᠦᠷᠢᠯᠡᠬᠦ ᠠᠵᠢᠯ ᠤᠨ

ᠱᠠᠭᠠᠷᠳᠠᠯᠭ᠎ᠠ ᠶᠣᠰᠣᠭᠠᠷ᠂ ᠲᠤᠰᠢᠶᠠᠨ ᠰᠢᠢᠳᠪᠦᠷᠢᠯᠡᠭᠦᠯᠦᠭᠰᠡᠨ ᠵᠦᠢᠯ ᠢ ᠨᠢᠭᠡᠳ ᠨᠢᠭᠡ ᠪᠠᠷ ᠲᠣᠭᠠᠯᠠᠨ ᠪᠦᠷᠢᠳᠬᠡᠵᠦ᠂

ᠬᠠᠷᠭᠤᠭᠤᠯᠵᠤ᠂ ᠵᠠᠳᠠᠯᠵᠤ᠂ ᠰᠢᠢᠳᠪᠦᠷᠢᠯᠡᠬᠦ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠰᠠᠨᠠᠭᠤᠯᠭ᠎ᠠ᠂ ᠰᠠᠨᠠᠯ

ᠳᠤᠷᠠᠳᠤᠯᠭ᠎ᠠ ᠶᠢᠨ ᠠᠵᠢᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠦᠨᠡᠨ

ᠬᠦ ᠪᠠᠲᠤᠯᠠᠵᠤ᠂ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ

ᠦᠭᠡᠢ ᠳᠡᠭᠡᠭᠰᠢᠯᠡᠭᠦᠯᠬᠦ ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2