ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/22

    2 ᠰᠠᠷ᠎ᠠ ᠶᠢᠨ 21 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ

ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠠᠨ ᠵᠢᠶᠦ᠋ᠨ ᠬᠤᠷᠠᠯ ᠢ ᠡᠷᠬᠢᠯᠡᠵᠦ᠂ ᠰᠢᠶᠠᠨ ᠤ

ᠳᠥᠷᠪᠡᠳᠦᠭᠡᠷ ᠵᠢᠯᠣᠭᠤᠳᠬᠤ ᠳᠤᠭᠤᠶᠢᠯᠠᠩ ᠦᠨᠡᠯᠡᠯᠲᠡ ᠬᠢᠪᠡ᠃

    ᠬᠤᠷᠠᠯ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ

ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ

ᠬᠤᠷᠠᠯ ᠠᠴᠠ ᠡᠮᠦᠨᠡᠬᠢ ᠪᠡᠯᠡᠳᠬᠡᠯ ᠪᠠᠶᠢᠳᠠᠯ ᠢ ᠮᠡᠳᠡᠭᠳᠡᠪᠡ᠃ ᠶᠠᠨ ᠵᠢᠶᠦ᠋ᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠢ

ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠥᠪᠡᠷ ᠤᠨ ᠵᠠᠳᠠᠯᠤᠯᠲᠠ ᠬᠢᠵᠦ᠂ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ

ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠲᠡᠰ ᠳᠠᠷᠠᠭᠠᠯᠠᠨ ᠶᠠᠷᠢᠶ᠎ᠠ ᠲᠠᠯᠪᠢᠵᠤ᠂ ᠰᠢᠭᠦᠮᠵᠢᠯᠡᠯ ᠪᠠ ᠥᠪᠡᠷ ᠤᠨ

ᠰᠢᠭᠦᠮᠵᠢᠯᠡᠯ ᠬᠢᠪᠡ᠃

   ᠶᠠᠨ ᠵᠢᠶᠦ᠋ᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠬᠡᠷᠡᠭᠯᠡᠬᠦ᠂

ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ᠂ ᠰᠢᠶᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ

ᠲᠤᠰ ᠪᠡᠶ᠎ᠡ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ

ᠴᠢᠬᠤᠯᠠᠴᠢᠯᠠᠭᠰᠠᠨ ᠨᠢ᠂ ᠨᠢᠭᠡ ᠳᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠴᠠᠯᠠᠰᠢᠭᠦᠢ ᠦᠨᠡᠨᠴᠢ ᠰᠢᠳᠤᠷᠭᠤ

ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠤᠯᠤᠰ

ᠲᠦᠷᠦ ᠶᠢᠨ ᠪᠠᠶᠢᠭᠤᠯᠭ᠎ᠠ ᠭᠡᠬᠦ ᠡᠨᠡ ᠬᠦ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂

︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ

ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ

ᠪᠠᠲᠤᠯᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠬᠤᠶᠠᠷ ᠲᠤ᠂ ᠳᠡᠭᠡᠳᠦ ᠬᠡᠮᠵᠢᠶᠡᠨ ᠤ ᠤᠯᠤᠰ

ᠲᠦᠷᠦ ᠶᠢᠨ ᠤᠬᠠᠮᠰᠠᠷ ᠢᠶᠠᠷ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠦᠷᠭᠦᠯᠵᠢ ︽ᠴᠢᠩᠭ᠎ᠠ ᠲᠠᠷᠨᠢ︾

ᠤᠩᠰᠢᠵᠦ᠂ ᠲᠦᠷᠦᠭᠦᠯᠡᠨ ᠰᠠᠬᠢᠯᠭ᠎ᠠ ᠪᠠᠲᠤ ᠶᠣᠰᠣ ᠲᠦᠷᠢᠮ ᠤᠨ ᠦᠨᠡᠨᠴᠢ ᠰᠢᠳᠤᠷᠭᠤ᠂ ᠡᠷᠡᠰ ᠵᠢᠷᠤᠮᠯᠠᠨ ᠰᠠᠬᠢᠭᠴᠢ᠂

ᠡᠷᠡᠰ ᠪᠠᠲᠤ ᠬᠠᠮᠠᠭᠠᠯᠠᠭᠴᠢ ᠪᠣᠯᠬᠤ ᠬᠡᠷᠡᠭᠲᠡᠢ᠃ ᠭᠤᠷᠪᠠ ᠳᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠪᠠᠲᠤ

ᠪᠥᠭᠡᠳ ᠬᠦᠴᠦᠲᠡᠢ ᠠᠳᠬᠤᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠦᠷ᠎ᠡ ᠪᠦᠲᠦᠮᠵᠢ ᠪᠠᠷ ᠤᠳᠤᠷᠢᠳᠤᠮᠵᠢ

ᠪᠣᠯᠭᠠᠬᠤ ᠶᠢ ᠴᠢᠩᠭᠠᠳᠬᠠᠵᠤ᠂ ᠲᠣᠰ ᠪᠡᠶ᠎ᠡ ᠶᠢᠨ ᠪᠠᠶᠢᠴᠠᠭᠠᠨ ᠡᠷᠢᠬᠦ ᠠᠰᠠᠭᠤᠳᠠᠯ ᠪᠠ ᠲᠣᠰ ᠤᠳᠠᠭᠠᠨ ᠤ

ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠠᠶᠢᠴᠠᠭᠠᠨ ᠦᠵᠡᠵᠦ ᠵᠠᠳᠠᠯᠤᠨ ᠰᠢᠨᠵᠢᠯᠡᠭᠰᠡᠨ ᠠᠰᠠᠭᠤᠳᠠᠯ ᠲᠠᠢ

ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂

ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠲᠡᠭᠦᠯᠳᠡᠷᠵᠢᠭᠦᠯᠦᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ

ᠯᠠᠪᠳᠠᠭᠤᠨ ᠪᠠᠲᠤᠲᠠᠶ ᠠᠬᠢᠭᠤᠯᠤᠨ᠎ᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2