ᠵᠢᠵᠢᠭᠯᠡᠨ ᠬᠤᠳᠠᠯᠳᠤᠬᠤ ᠲᠤᠬᠠᠶᠢᠯᠠᠭᠰᠠᠨ ᠠᠵᠢᠯ ᠤᠨ ᠲᠣᠭᠠᠴᠢᠯᠠᠭᠰᠠᠨ ᠡᠵᠡᠩᠨᠡᠨ ᠪᠣᠷᠣᠯᠠᠭᠤᠯᠬᠤ ᠪᠠ | ᠲᠡᠭᠡᠭᠡᠪᠦᠷᠢᠯᠡᠨ ᠡᠵᠡᠩᠨᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠃ ᠣᠢᠷ᠎ᠠ ᠳᠤ᠂ | ᠬᠤᠧᠳᠧ ᠱᠢᠶᠠᠨ ᠶᠢᠨ ᠬᠤᠯᠪᠣᠭᠠᠲᠤ ᠬᠤᠷᠱᠢᠶᠠ Deepseeek ᠡᠨᠧᠷᠭᠢ ᠣᠯᠭᠤᠬᠤ ᠪᠠᠩᠬᠢ ᠶᠢᠨ | ᠲᠣᠭᠠᠴᠢᠯᠠᠭᠰᠠᠨ ᠡᠵᠡᠩᠨᠡᠨ ᠪᠣᠷᠣᠯᠠᠭᠤᠯᠭ᠎ᠠ ᠪᠠ ᠡᠵᠡᠩᠨᠡᠯᠲᠡ ᠶᠢᠨ ᠪᠣᠳᠠᠲᠤ ᠠᠵᠢᠯᠯᠠᠭᠠᠨ ᠤ ᠪᠣᠯᠪᠠᠰᠤᠷᠠᠯ ᠢ | ᠠᠮᠵᠢᠯᠲᠠ ᠲᠠᠢ ᠡᠷᠬᠢᠯᠡᠵᠦ᠂ ᠲᠡᠷᠢᠭᠦᠨ ᠤ Deepseek ᠣᠶᠤᠨᠴᠢ ᠮᠡᠷᠭᠡᠵᠢᠯ ᠢᠶᠠᠷ ᠳᠠᠮᠵᠢᠭᠤᠯᠤᠨ᠂ ᠠᠵᠢᠯᠯᠠᠭ | ᠴᠢᠳ ᠢ ᠬᠠᠪᠰᠤᠷᠤᠨ ᠲᠣᠭᠠᠴᠢᠯᠠᠭᠰᠠᠨ ᠴᠠᠭ ᠦᠶ᠎ᠡ ᠶᠢᠨ ᠥᠷᠢᠰᠦᠯᠳᠦᠭᠡᠨ ᠢ ᠨᠡᠩ ᠰᠠᠢᠨ ᠠᠷᠭᠠᠴᠠᠵᠤ᠂ | ᠬᠡᠷᠡᠭᠯᠡᠭᠴᠢᠳ ᠤᠨ ᠣᠢᠯᠠᠭᠠᠯᠲᠠ ᠶᠢ ᠳᠡᠭᠡᠭᠱᠢᠯᠡᠭᠦᠯᠵᠦ᠂ ᠡᠵᠡᠩᠨᠡᠯᠲᠡ ᠶᠢᠨ ᠦᠷ᠎ᠡ ᠪᠦᠲᠦᠮᠵᠢ ᠶᠢ ᠱᠢᠯᠢᠳᠡᠭᠵᠢᠭᠦᠯ | ᠬᠦ ᠶᠢᠨ ᠲᠥᠯᠥᠭᠡ ᠶᠦᠮ᠃ | | ᠲᠣᠰ ᠤᠳᠠᠭᠠᠨ ᠤ ᠪᠣᠯᠪᠠᠰᠤᠷᠠᠭᠤᠯᠤᠯ ᠢ ᠲᠠᠷᠢᠶᠠᠯᠠᠩ ᠤᠨ ᠠᠯᠲᠠᠨ ᠪᠣᠳᠠᠲᠤ ᠶᠠᠪᠤᠳᠠᠯ ᠤᠨ | ᠪᠣᠯᠪᠠᠰᠤᠷᠠᠭᠤᠯᠤᠯ ᠤᠨ ᠲᠥᠪ ᠤᠨ ᠦ᠋ ᠢ ᠵᠠᠩ ᠯᠧᠺᠲ᠋ᠣᠷ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ | ᠬᠡᠯᠪᠡᠷᠢ ᠪᠠᠷ ᠬᠢᠴᠢᠶᠡᠯᠯᠡᠵᠦ᠂ Deepseek ᠮᠡᠷᠭᠡᠵᠢᠯ ᠤᠨ ᠪᠠᠩᠬᠢ ᠶᠢᠨ ᠵᠢᠵᠢᠭᠯᠡᠨ ᠬᠤᠳᠠᠯᠳᠤᠬᠤ ᠲᠤᠬᠠᠶᠢᠯᠠᠭᠰᠠᠨ | ᠠᠵᠢᠯ ᠳᠠᠬᠢ ᠪᠥᠬᠦ ᠲᠠᠯ᠎ᠠ ᠶᠢᠨ ᠬᠡᠷᠡᠭᠯᠡᠯᠲᠡ ᠶᠢ ᠬᠠᠮᠤᠷᠴᠠᠶ᠃ ᠪᠣᠯᠪᠠᠰᠤᠷᠠᠭᠤᠯᠤᠯ ᠨᠢ ︽ᠴᠢᠳᠠᠮᠵᠢ ᠶᠢᠨ | ᠲᠠᠶᠢᠯᠪᠤᠷᠢᠯᠠᠯᠲᠠ︾ ᠪᠠ ︽ᠪᠣᠳᠠᠲᠤ ᠠᠵᠢᠯᠯᠠᠭᠠᠨ ᠤ ᠪᠣᠯᠪᠠᠰᠤᠷᠠᠯ︾ ᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ | ᠪᠣᠯᠪᠠᠰᠤᠷᠠᠭᠤᠯᠤᠯ ᠳᠤ ᠣᠷᠣᠯᠴᠠᠭᠰᠠᠳ Deepseek ᠮᠡᠷᠭᠡᠵᠢᠯ ᠤᠨ ᠬᠦᠴᠦᠷᠬᠡᠭ ᠶᠡᠭᠡ ᠴᠢᠳᠠᠮᠵᠢ ᠶᠢ ᠭᠦᠨᠵᠡᠭᠡᠶ | ᠣᠶᠢᠯᠠᠭᠠᠭᠰᠠᠨ ᠢᠶᠠᠷ ᠪᠠᠷᠠᠬᠤ ᠥᠬᠡᠶ᠂ ᠪᠠᠰᠠ ᠪᠣᠳᠠᠲᠠᠶ ᠠᠵᠢᠯ ᠤᠨ ᠳᠤᠮᠳᠠ ᠡᠲᠡᠭᠡᠷ ᠮᠡᠷᠭᠡᠵᠢᠯ ᠢ ᠬᠡᠷᠬᠢᠨ ᠬᠡᠷᠡᠭᠯᠡᠬᠦ ᠶᠢ | ᠡᠵᠡᠮᠰᠢᠵᠦ ᠪᠠᠶᠢᠭᠠᠳ ᠠᠵᠢᠯ ᠤᠨ ᠦᠷ᠎ᠡ ᠪᠦᠲᠦᠮᠵᠢ ᠪᠠ ᠲᠤᠬᠠᠶᠢᠯᠠᠭᠰᠠᠨ ᠠᠵᠢᠯ ᠤᠨ ᠠᠮᠵᠢᠯᠲᠠ ᠪᠦᠲᠦᠮᠵᠢ ᠶᠢ | ᠳᠡᠭᠡᠭᠰᠢᠯᠡᠭᠦᠯᠪᠡ᠃ | ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠪᠣᠯ ᠪᠠᠩᠬᠢ ᠶᠢᠨ ᠢᠷᠡᠭᠡᠳᠦᠢ ᠶᠢᠨ ᠬᠥᠭᠵᠢᠯᠲᠡ ᠶᠢᠨ | ᠵᠶᠢᠯᠠᠱᠢ ᠦᠭᠡᠢ ᠬᠠᠨᠳᠤᠱᠢ ᠮᠥᠨ᠂ Deepseek ᠡᠷᠭᠡᠵᠢᠯ ᠢ ᠵᠢᠵᠢᠭᠯᠡᠨ ᠬᠤᠳᠠᠯᠳᠤᠬᠤ ᠲᠤᠬᠠᠢᠯᠠᠭᠰᠠᠨ | ᠠᠵᠢᠯ ᠤᠨ ᠶᠠᠪᠤᠴᠠ ᠳᠤ ᠠᠭᠤᠰᠭᠠᠨ᠂ ᠲᠤᠬᠠᠢᠯᠠᠭᠰᠠᠨ ᠠᠵᠢᠯ ᠤᠨ ᠬᠥᠭᠵᠢᠯᠲᠡ ᠳᠤ ᠬᠦᠴᠦᠲᠡᠢ ᠬᠥᠳᠡᠯᠭᠡᠬᠦ ᠬᠦᠴᠦᠨ | ᠬᠠᠩᠭᠠᠬᠤ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠤ ᠬᠤᠯᠪᠣᠭᠠᠲᠤ ᠬᠤᠷᠰᠢᠶ᠎ᠠ ᠠᠵᠢᠯᠲᠠᠳ ᠢ | ᠬᠥᠲᠥᠯᠥᠨ ᠵᠢᠯᠣᠭᠤᠳᠴᠤ ᠪᠠᠶᠢᠭᠠᠳ Deepseek ᠮᠡᠷᠭᠡᠵᠢᠯ ᠢ ᠭᠦᠢᠴᠡᠳ ᠬᠡᠷᠡᠭᠯᠡᠵᠦ᠂ ︽ᠠᠶᠠᠨᠴᠢᠳ ᠢ ᠮᠡᠳᠡᠬᠦ᠂ | ᠬᠦᠷᠦᠯᠴᠡᠬᠦ᠂ ᠵᠣᠴᠢᠨ ᠢ ᠣᠯᠬᠤ︾ ᠴᠢᠳᠠᠪᠤᠷᠢ ᠶᠢ ᠨᠢ ᠴᠢᠩᠭᠠᠷᠠᠭᠤᠯᠵᠤ᠂ ᠬᠡᠷᠡᠭᠯᠡᠭᠴᠢᠳ ᠲᠤ ᠨᠡᠩ ᠲᠤᠰᠬᠠᠶ | ᠮᠡᠷᠭᠡᠵᠢᠯ ᠲᠠᠢ᠂ ᠴᠢᠨᠠᠷ ᠰᠠᠶᠢᠲᠠᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠲᠤᠬᠠᠶᠢᠯᠠᠭᠰᠠᠨ ᠠᠵᠢᠯ ᠤᠨ | ᠥᠷᠢᠰᠥᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |