︽ᠵᠢᠷᠭᠤᠭᠠᠨ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠶᠢᠨ ᠬᠤᠷᠠᠯ ᠪᠠ ᠭᠤᠣᠯᠳᠠᠯᠭ᠎ᠠ ᠲᠠᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠸᠠᠳᠧ ᠰᠢᠶᠠᠨ ᠤ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠢ ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠦᠷᠦᠭᠰᠡᠨ ᠭᠠᠵᠠᠷ ᠪᠣᠯᠭᠠᠨ ᠳᠤ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭ᠎ᠠ᠂ | ᠡᠵᠡᠩᠨᠡᠯᠲᠡ ᠬᠠᠮᠢᠶᠠᠷᠤᠯᠲᠠ ᠵᠢᠴᠢ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠨᠠᠷᠢᠨ | ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠯᠠᠪᠯᠠᠨ ᠠᠰᠠᠭᠤᠵᠤ᠂ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠬᠠᠷᠢᠭᠤᠯᠲᠠ | ᠥᠭᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ | ᠵᠣᠷᠢᠭ ᠢᠶᠠᠨ ᠪᠠᠲᠤᠳᠬᠠᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠦᠷᠭᠦᠯᠵᠢᠯᠡᠨ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠬᠦᠰᠡᠵᠦ ᠪᠠᠶᠢᠨ᠎ᠠ᠃ ᠨᠡᠭᠡᠭᠡᠯᠲᠡ ᠶᠢᠨ ᠲᠣᠭᠤᠷᠢᠭ ᠪᠣᠯᠤᠨ ᠰᠢᠶᠠᠨ ᠤ | ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ | ᠤᠷᠢᠳᠴᠢᠯᠠᠨ ᠦᠢᠯᠡᠴᠢᠯᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ᠂ ᠠᠵᠤ ᠠᠬᠤᠶᠢᠯᠠᠯ ᠤᠨ ᠥᠷᠨᠢᠩᠭᠦᠢ ᠬᠥᠭᠵᠢᠯᠲᠡ ᠳᠤ ᠲᠠᠰᠤᠷᠠᠯᠲᠠ ᠦᠭᠡᠢ ᠬᠦᠴᠦᠨ ᠨᠡᠮᠡᠷᠢᠯᠡᠨ᠎ᠡ | ᠭᠡᠵᠡᠢ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠠᠵᠤ ᠠᠬᠤᠶᠢᠯᠠᠯ ᠢᠮᠠᠭᠲᠠ ᠬᠤᠷᠢᠭ᠎ᠠ ᠱᠤᠭᠤᠮ ᠤᠨ ᠰᠡᠳᠬᠢᠬᠦᠢ | ᠪᠠ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ | ᠠᠶᠤᠯᠭᠦᠢ ᠦᠢᠯᠡᠳᠪᠦᠷᠢᠯᠡᠯ ᠢ ᠠᠵᠢᠯ ᠤᠨ ᠡᠯ᠎ᠡ ᠲᠠᠯ᠎ᠠ ᠳᠤ ᠲᠤᠤᠱᠯᠠᠭᠤᠯᠵᠤ᠂ ᠦᠩᠭᠡᠨ ᠲᠠᠯ᠎ᠠ ᠪᠠ | ᠦᠨᠳᠦᠰᠦ ᠠᠴᠠ ᠨᠢ ᠵᠠᠰᠠᠬᠤ᠂ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠵᠦ᠂ ᠭᠡᠮ ᠰᠣᠭᠤᠭ ᠢ ᠴᠤᠬᠤᠶᠢᠵᠤ ᠪᠠᠶᠢᠭ᠎ᠠ | ᠪᠠᠶᠢᠳᠠᠯ ᠳᠤᠨᠢ ᠠᠷᠢᠯᠭᠠᠵᠤ᠂ ᠠᠵᠤ ᠠᠬᠤᠶᠢᠯᠠᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ᠂ ᠠᠶᠤᠯᠭᠦᠢ ᠦᠢᠯᠡᠳᠪᠦᠷᠢᠯᠡᠯ ᠢ ᠪᠠᠲᠤᠯᠠᠵᠤ᠂ ᠬᠤᠸᠠᠳᠧ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |