ᠬᠢᠨᠠᠨ ᠪᠤᠳᠤᠬᠤ ᠲᠣᠪᠴᠢᠶ᠎ᠠ 2024 ᠣᠨ ᠤ ᠬᠢᠨᠠᠨ ᠰᠢᠯᠭᠠᠵᠤ ᠪᠠᠶᠢᠴᠠᠭᠠᠬᠤ ᠶᠢ ᠤᠭᠲᠤᠪᠠ
ᠨᠡᠶᠢᠲᠡᠯᠡᠭᠰᠡᠨ ᠴᠠᠭ᠄
2025/2/25

    ᠤᠳᠤᠷᠢᠳᠬᠤ ᠺᠠᠳ᠋ᠷ ᠤᠨ ᠣᠨ ᠤ ᠬᠢᠨᠠᠨ ᠰᠢᠯᠭᠠᠬᠤ ᠠᠵᠢᠯ ᠢ ᠥᠷᠨᠢᠭᠦᠯᠬᠦ ᠬᠡᠷᠡᠭᠴᠡᠭᠡ ᠶᠢ ᠦᠨᠳᠦᠰᠦᠯᠡᠨ᠂

︽ᠺᠠᠳ᠋ᠷ ᠢ ᠲᠣᠮᠢᠯᠠᠨ ᠬᠡᠷᠡᠭᠯᠡᠬᠦ ᠲᠦᠷᠢᠮ︾ ᠪᠣᠯᠤᠨ ᠤᠳᠤᠷᠢᠳᠬᠤ ᠺᠠᠳ᠋ᠷ ᠤᠨ ᠣᠨ ᠤ ᠬᠢᠨᠠᠨ ᠰᠢᠯᠭᠠᠬᠤ ᠬᠤᠯᠪᠣᠭᠳᠠᠯ

ᠪᠥᠬᠦᠶ ᠲᠣᠭᠲᠠᠭᠠᠯ ᠶᠣᠰᠣᠭᠠᠷ᠂ 2 ᠰᠠᠷ᠎ᠠ ᠶᠢᠨ 24 ᠤ ᠡᠳᠦᠷ᠂ ᠮᠠᠨ ᠤ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ

ᠬᠢᠨᠠᠨ ᠰᠢᠯᠭᠠᠬᠤ ᠳᠤᠭᠤᠶᠢᠯᠠᠩ ᠰᠢᠶᠠᠨ ᠤ ᠬᠢᠨᠠᠨ ᠪᠤᠳᠤᠬᠤ ᠲᠣᠪᠴᠢᠶ᠎ᠠ ᠳᠤ ᠬᠦᠷᠴᠦ 2024 ᠣᠨ ᠤ

ᠶᠡᠷᠦᠩᠬᠡᠶᠢᠯᠡᠭᠰᠡᠨ ᠬᠢᠨᠠᠨ ᠰᠢᠯᠭᠠᠬᠤ ᠠᠵᠢᠯ ᠢ ᠥᠷᠨᠢᠭᠦᠯᠪᠡ᠃

    ᠬᠤᠷᠠᠯ ᠳᠡᠭᠡᠷ᠎ᠡ᠂ ᠬᠢᠨᠠᠨ ᠪᠤᠳᠤᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂

ᠲᠣᠪᠴᠢᠶᠠᠨ ᠳᠠᠷᠤᠭ᠎ᠠ ᠪᠠᠶ ᠰᠢᠤᠢ ᠳ᠋ᠦᠩ ᠨᠥᠬᠦᠷ ᠬᠤᠷᠠᠯ ᠢ ᠡᠷᠭᠢᠯᠡᠭᠰᠡᠨ ᠪᠥᠭᠡᠳ 2024 ᠣᠨ ᠤ ᠠᠵᠢᠯ ᠤᠨ

ᠳ᠋ᠦᠩᠨᠡᠯᠲᠡ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠲᠣᠰ ᠲᠣᠰ

ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠬᠢᠪᠠ᠃ ᠶᠡᠷᠦᠩᠬᠡᠶᠢᠯᠡᠭᠰᠡᠨ ᠬᠢᠨᠠᠨ

ᠰᠢᠯᠭᠠᠬᠤ ᠳᠤᠭᠤᠶᠢᠯᠠᠩ ᠤᠨ ᠵᠢᠷᠭᠤᠭᠠᠨ ᠪᠦᠷᠢᠯᠳᠦᠬᠦᠨ᠂ ᠬᠢᠨᠠᠨ ᠪᠤᠳᠤᠬᠤ ᠲᠣᠪᠴᠢᠶᠠᠨ ᠤ ᠭᠡᠷ ᠲᠡᠭᠡᠨ ᠪᠠᠶᠢᠭ᠎ᠠ

ᠬᠥᠮᠦᠰ ᠬᠤᠷᠠᠯ ᠳᠤ ᠣᠷᠣᠯᠴᠠᠪᠠ᠃ ᠬᠢᠨᠠᠨ ᠰᠢᠯᠭᠠᠬᠤ ᠪᠠᠭ ᠠᠴᠠ ᠲᠣᠪᠴᠢᠶᠠᠨ ᠤ ᠤᠳᠤᠷᠢᠳᠬᠤ ᠪᠠᠭ ᠵᠢᠴᠢ

ᠪᠠᠭ ᠤᠨ ᠪᠥᠷᠢᠯᠳᠦᠬᠦᠨ ᠢ ᠠᠷᠠᠳᠴᠢᠯᠠᠯ ᠢᠶᠠᠷ ᠬᠢᠨᠠᠨ ᠰᠢᠯᠭᠠᠵᠤ᠃

    ᠬᠤᠷᠠᠯ ᠤᠨ ᠳᠠᠷᠠᠭ᠎ᠠ᠂ ᠬᠢᠨᠠᠨ ᠰᠢᠯᠭᠠᠬᠤ ᠳᠤᠭᠤᠶᠢᠯᠠᠩ ᠬᠤᠷᠠᠯ ᠳᠤ ᠣᠷᠣᠯᠴᠠᠭᠰᠠᠳ ᠲᠠᠢ ᠳᠤᠭᠤᠶᠢᠯᠠᠩ

ᠬᠤᠪᠢᠶᠠᠨ ᠶᠠᠷᠢᠯᠴᠠᠪᠠ᠃ ᠲᠤᠰᠬᠠᠶ ᠶᠠᠷᠢᠯᠴᠠᠬᠤ᠂ ᠰᠢᠯᠢᠳᠡᠭ ᠺᠠᠳ᠋ᠷ ᠢ ᠠᠷᠠᠳᠴᠢᠯᠠᠯ ᠢᠶᠠᠷ ᠲᠠᠨᠢᠯᠴᠠᠭᠤᠯᠬᠤ᠂ ᠣᠶᠢᠯᠭᠠᠨ

ᠬᠢᠨᠠᠨ ᠬᠠᠷᠭᠤᠭᠤᠯᠬᠤ᠂ ᠶᠡᠷᠦᠩᠬᠡᠶᠢᠯᠡᠨ ᠦᠨᠡᠯᠡᠬᠦ᠂ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ

ᠳᠡᠰ ᠳᠠᠷᠠᠭᠠᠯᠠᠯ ᠪᠠ ᠠᠷᠭ᠎ᠠ ᠪᠠᠷ ᠳᠠᠮᠵᠢᠭᠤᠯᠪᠠ᠃ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠤᠯᠤᠰ

ᠲᠥᠷᠥ ᠶᠢᠨ ᠬᠡᠪ ᠴᠢᠨᠠᠷ᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠴᠢᠳᠠᠪᠤᠷᠢ᠂ ᠰᠤᠷᠲᠠᠯ ᠤᠨ ᠪᠠᠶᠢᠭᠤᠯᠤᠯᠲᠠ᠂

ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠠᠵᠢᠯ ᠤᠨ ᠦᠷ᠎ᠡ ᠪᠦᠲᠦᠮᠵᠢ ᠵᠡᠷᠭᠡ ᠪᠠᠶᠢᠳᠠᠯ ᠢ

ᠭᠤᠤᠯᠳᠠᠯᠭ᠎ᠠ ᠲᠠᠢ ᠬᠢᠨᠠᠨ ᠰᠢᠯᠭᠠᠵᠤ᠂ ᠬᠢᠨᠠᠨ ᠪᠤᠳᠤᠬᠤ ᠲᠣᠪᠴᠢᠶ᠎ᠠ ᠶᠢᠨ ᠤᠳᠤᠷᠢᠳᠬᠤ ᠪᠠᠭ ᠪᠣᠯᠤᠨ ᠤᠳᠤᠷᠢᠳᠬᠤ

ᠺᠠᠳ᠋ᠷ ᠢ ᠪᠦᠬᠦ ᠲᠠᠯ᠎ᠠ ᠪᠠᠷ ᠪᠤᠰᠤᠳᠴᠢ ᠪᠠᠷ ᠬᠢᠨᠠᠨ ᠰᠢᠯᠭᠠᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠵᠢᠴᠢ

ᠬᠦᠷᠦᠯᠴᠡᠬᠦ ᠦᠭᠡᠢ ᠲᠠᠯ᠎ᠠ ᠳᠤ ᠰᠠᠨᠠᠯ ᠰᠠᠨᠠᠭᠤᠯᠭ᠎ᠠ ᠳᠤᠷᠠᠳᠴᠤ᠂ ᠵᠢᠱᠢᠭᠰᠡᠨ ᠦᠷ᠎ᠡ ᠪᠦᠲᠦᠮᠵᠢ ᠳᠤ ᠬᠦᠷᠦᠭᠰᠡᠨ

ᠪᠠᠶᠢᠨ᠎ᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2