2 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠠᠷᠪᠠᠨ | ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ 8 | ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠰᠤᠷᠭᠠᠯ ᠢ | ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠬᠤ︾ ᠵᠢᠴᠢ ᠼᠠᠢ ᠴᠢ ᠨᠥᠬᠦᠷ ᠤᠨ ᠰᠢᠨ᠎ᠡ ᠪᠠᠷ ᠮᠠᠨᠳᠤᠭᠰᠠᠨ | ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ | ᠰᠦᠨ ᠱᠤᠤ ᠴᠧᠩ ᠨᠥᠬᠦᠷ ᠤᠨ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠵᠧᠦ ᠺᠠᠢ | ᠨᠥᠬᠦᠷ ᠤᠨ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠲᠦᠷᠢᠮ︾ | ᠢ ᠤᠯᠠᠮᠵᠢᠯᠠᠨ ᠰᠤᠷᠤᠯᠴᠠᠵᠤ᠂ ︽ᠬᠤᠸᠠᠳᠧ ᠰᠢᠶᠠᠨ ᠤ 2025 ᠣᠨ ᠤ ᠠᠵᠢᠯ ᠦᠢᠯᠡᠰ ᠤᠨ ᠨᠢᠭᠡᠴᠡ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢᠨ ᠬᠡᠷᠡᠭᠵᠢᠭᠦᠯᠬᠦ ᠲᠥᠰᠦᠯ︾ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠸᠠᠳᠧ ᠰᠢᠶᠠᠨ ᠤ ᠬᠤᠷᠢᠶ᠎ᠠ ᠶᠢᠨ ᠱᠦᠵᠢ᠂ ᠳᠡᠳ᠋ ᠱᠦᠵᠢ᠂ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠬᠤᠪᠢᠶᠠᠷᠢᠯᠠᠯ︾ ᠢ ᠬᠢᠨᠠᠨ ᠵᠥᠪᠯᠡᠵᠦ᠂ 2024 ᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠪᠠ᠃ | ᠬᠤᠷᠠᠯ ᠠᠴᠠ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠨᠠᠷᠢᠨ ᠨᠢᠮᠪᠠᠢ ᠲᠥᠯᠥᠪᠵᠢᠭᠦᠯᠵᠦ᠂ ᠪᠦᠬᠦ | ᠰᠢᠶᠠᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ ᠬᠡᠷᠡᠭᠯᠡᠬᠦ | ᠨᠢᠭᠡᠴᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ | ᠡᠵᠡᠮᠳᠡᠵᠦ᠂ ᠪᠠᠷᠢᠮᠵᠢᠶ᠎ᠠ ᠪᠣᠯᠤᠨ ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠦᠷᠭᠦᠯᠵᠢᠯᠡᠨ ᠣᠷᠣᠭᠤᠯᠤᠨ ᠠᠪᠴᠢᠷᠠᠬᠤ | ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠤ ᠠᠵᠢᠯ ᠤᠨ ᠶᠠᠰᠤ ᠴᠢᠨᠠᠷ ᠪᠣᠯᠤᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠦᠢᠯᠡᠳᠦᠯ ᠢᠶᠠᠨ ᠦᠨᠡᠨᠬᠦ ᠪᠠᠳᠠᠷᠠᠭᠤᠯᠬᠤ ᠶᠢ | ᠪᠠᠲᠤᠯᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠢ ᠨᠠᠷᠢᠨ ᠬᠢᠨᠠᠮᠠᠭᠠᠢ ᠰᠤᠳᠤᠯᠵᠤ᠂ ︽ᠨᠠᠮ ᠤᠨ ᠬᠤᠷᠢᠶ᠎ᠠ ᠵᠠᠰᠠᠭ ᠤᠨ ᠣᠷᠳᠣᠨ ᠳᠡᠮᠵᠢᠬᠦ᠂ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠳᠡᠮᠵᠢᠨ ᠬᠠᠮᠵᠢᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ︾ | ᠠᠵᠢᠯ ᠤᠨ ᠪᠠᠶᠢᠷᠢᠰᠢᠯ ᠢ ᠴᠢᠷᠮᠠᠶᠢᠨ ᠪᠠᠶᠢᠭᠤᠯᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ | ᠬᠢᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠲᠠᠰᠤᠷᠠᠯᠳᠠ ᠦᠭᠡᠢ ᠨᠢᠭᠲᠠᠷᠠᠭᠤᠯᠵᠤ᠂ ᠪᠦᠬᠦ ᠰᠢᠶᠠᠨ ᠤ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠳᠤ ᠨᠡᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ | ᠰᠢᠶᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠢᠮᠠᠭᠲᠠ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠭᠠᠷᠳᠠᠴᠠ ᠪᠣᠯᠭᠠᠵᠤ᠂ | ᠲᠤᠷᠰᠢᠯᠭ᠎ᠠ ᠪᠠᠨ ᠤᠯᠠᠮ ᠨᠢᠭᠡ ᠠᠯᠬᠤᠮ ᠳ᠋ᠦᠩᠨᠡᠵᠦ᠂ ᠠᠷᠭ᠎ᠠ ᠵᠠᠮ ᠤᠨ ᠰᠢᠨ᠎ᠡ ᠶᠢ ᠡᠭᠦᠳᠴᠦ᠂ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠ ᠠᠵᠢᠯ ᠤᠨ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠶ ᠵᠥᠪᠯᠡᠯ ᠤᠨ ᠡᠷᠬᠢᠯᠡᠭᠴᠢ᠂ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ᠂ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠤᠯᠤᠰ ᠲᠥᠷᠥ ᠶᠢᠨ ᠵᠥᠪᠯᠡᠯᠭᠡᠨ ᠤ | ᠠᠯᠪᠠᠨ ᠬᠡᠷ ᠤᠨ ᠡᠷᠬᠢᠯᠡᠭᠴᠢ᠂ ︽ᠬᠤᠶᠠᠷ ᠠᠯᠪᠠᠨ ᠬᠡᠷ︾ ᠤᠨ ᠬᠠᠮᠢᠶ᠎ᠠ ᠪᠥᠬᠦᠶ ᠳᠡᠳ᠋ ᠡᠷᠬᠢᠯᠡᠭᠴᠢ ᠵᠢᠴᠢ ᠣᠷᠣᠨ | ᠲᠤᠭ᠎ᠠ ᠶᠢᠨ ᠠᠯᠪᠠᠨ ᠬᠡᠷ᠂ ᠡᠳ᠋ ᠤᠨ ᠵᠠᠰᠠᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | | |