ᠰᠢᠶᠠᠨ ᠤ ᠬᠢᠨᠠᠨ ᠪᠣᠳᠣᠬᠤ ᠲᠣᠪᠴᠢᠶ᠎ᠠ ᠳᠠᠩᠰᠠ ᠡᠪᠬᠡᠮᠡᠯ ᠢ ᠡᠮᠬᠢᠯᠡᠵᠦ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠪᠡ
ᠨᠡᠶᠢᠲᠡᠯᠡᠭᠰᠡᠨ ᠴᠠᠭ᠄
2025/2/27

   ᠬᠢᠨᠠᠨ ᠪᠤᠳᠤᠬᠤ ᠲᠠᠩᠰᠠ ᠡᠪᠬᠡᠮᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠨᠠᠨ

ᠪᠤᠳᠤᠬᠤ ᠲᠠᠩᠰᠠ ᠡᠪᠬᠡᠮᠡᠯ ᠤᠨ ᠰᠢᠯᠭᠠᠨ ᠭᠡᠷᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠡᠨᠡ

ᠵᠢᠯ ᠠᠴᠠ ᠨᠠᠰᠢ᠂ ᠮᠠᠨ ᠤ ᠰᠢᠶᠠᠨ ᠤ ᠬᠢᠨᠠᠨ ᠪᠤᠳᠤᠬᠤ ᠲᠣᠪᠴᠢᠶ᠎ᠠ ᠶᠠᠰᠤ ᠴᠢᠨᠠᠷ ᠤᠨ ᠦᠵᠡᠯ ᠤᠬᠠᠮᠰᠠᠷ ᠪᠠ

ᠬᠦᠴᠦᠨ ᠲᠠᠢ ᠬᠤᠭᠤᠴᠠᠭ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠬᠢᠨᠠᠨ ᠪᠤᠳᠤᠬᠤ ᠲᠠᠩᠰᠠ ᠡᠪᠬᠡᠮᠡᠯ ᠢ

ᠲᠠᠩᠰᠠ ᠡᠪᠬᠡᠮᠡᠯ ᠳᠤ ᠣᠷᠣᠭᠤᠯᠤᠨ ᠡᠮᠬᠢᠯᠡᠬᠦ ᠠᠵᠢᠯ ᠢ ᠯᠠᠪᠳᠠᠭᠤᠨ ᠢᠶᠠᠷ ᠳᠥᠯᠭᠢᠨ ᠠᠬᠢᠭᠤᠯᠪᠠ᠃

    ᠬᠡᠷᠡᠭ ᠤᠨ ᠡᠪᠬᠡᠮᠡᠯ ᠢ ᠡᠮᠬᠢᠯᠡᠬᠦ ᠠᠵᠢᠯ ᠤᠨ ᠳᠤᠮᠳᠠ᠂ ︽ᠬᠡᠨ ᠬᠢᠨᠠᠨ ᠪᠤᠳᠤᠭᠰᠠᠨ ᠪᠣᠯ ᠬᠡᠨ ᠡᠪᠬᠡᠮᠡᠯᠯᠡᠬᠦ ᠪᠠ

ᠰᠢᠭᠦᠵᠦ ᠳᠠᠭᠤᠰᠬᠠᠬᠤ︾ ᠵᠠᠷᠴᠢᠮ ᠢ ᠴᠢᠩᠭ᠎ᠠ ᠵᠢᠷᠤᠮᠯᠠᠵᠤ᠂ ᠲᠤᠬᠠᠶᠢᠯᠠᠭᠰᠠᠨ ᠠᠵᠢᠯ ᠤᠨ ᠳᠠᠩᠰᠠ ᠡᠪᠬᠡᠮᠡᠯ ᠤᠨ

ᠮᠠᠲ᠋ᠧᠷᠢᠶᠠᠯ ᠢ ᠴᠠᠭ ᠲᠤᠬᠠᠶ ᠳᠤᠨᠢ ᠳᠠᠩᠰᠠ ᠡᠪᠬᠡᠮᠡᠯ ᠳᠤ ᠣᠷᠣᠭᠤᠯᠤᠨ ᠡᠮᠬᠢᠯᠡᠵᠦ᠂ ᠥᠪᠡᠷ ᠢ ᠪᠠᠨ ᠪᠠᠶᠢᠴᠠᠭᠠᠵᠤ

ᠥᠪᠡᠷ ᠢ ᠪᠠᠨ ᠵᠠᠯᠠᠷᠠᠭᠤᠯᠵᠤ᠂ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ᠂ ᠮᠠᠲ᠋ᠧᠷᠢᠶᠠᠯ ᠨᠢ ᠦᠨᠡᠨ ᠪᠣᠳᠠᠲᠠᠶ

ᠪᠥᠭᠡᠳ ᠪᠦᠷᠢᠨ ᠪᠦᠲᠦᠨ᠂ ᠠᠭᠤᠯᠭ᠎ᠠ ᠨᠢ ᠣᠨᠣᠪᠴᠢᠲᠠᠶ ᠪᠥᠭᠡᠳ ᠨᠠᠶᠢᠳᠠᠪᠤᠷᠢᠲᠠᠶ ᠵᠢᠭᠰᠠᠭᠠᠬᠤ ᠬᠡᠷᠡᠭᠲᠡᠶ︔

ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠴᠠ ᠭᠠᠷ ᠤᠨ ᠦᠰᠦᠭ ᠵᠢᠷᠤᠬᠤ᠂ ᠳᠠᠩᠰᠠ ᠡᠪᠬᠡᠮᠡᠯ ᠳᠤ

ᠣᠷᠣᠭᠤᠯᠤᠭᠰᠠᠨ ᠮᠠᠲ᠋ᠧᠷᠢᠶᠠᠯ ᠨᠢ ᠭᠠᠷᠴᠠᠭ ᠲᠤ ᠵᠢᠭᠰᠠᠭᠠᠭᠰᠠᠨ ᠠᠭᠤᠯᠭ᠎ᠠ ᠯᠤᠭ᠎ᠠ ᠨᠢᠭᠡᠳᠦᠯᠲᠡᠶ ᠪᠠᠶᠢᠬᠤ ᠡᠰᠡᠬᠦ᠂

ᠳᠠᠩᠰᠠ ᠡᠪᠬᠡᠮᠡᠯ ᠳᠤ ᠣᠷᠣᠭᠤᠯᠤᠭᠰᠠᠨ ᠮᠠᠲ᠋ᠧᠷᠢᠶᠠᠯ ᠨᠢ ᠪᠦᠷᠢᠨ ᠪᠦᠲᠦᠨ ᠪᠠᠶᠢᠬᠤ ᠡᠰᠡᠬᠦ ᠵᠡᠷᠭᠡ ᠶᠢ ᠬᠢᠨᠠᠨ

ᠪᠠᠶᠢᠴᠠᠭᠠᠨ᠎ᠠ︔ ᠲᠤᠰᠬᠠᠶ ᠬᠥᠮᠦᠨ ᠵᠢᠭᠠᠨ ᠲᠣᠭᠲᠠᠭᠠᠵᠤ ᠳᠠᠩᠰᠠ ᠡᠪᠬᠡᠮᠡᠯ ᠤᠨ ᠳᠣᠲᠣᠷᠠᠬᠢ ᠳᠡᠰ ᠳᠠᠷᠠᠭᠠᠯᠠᠯ᠂

ᠡᠪᠬᠡᠮᠡᠯ ᠳᠡᠭᠡᠷᠡᠬᠢ ᠡᠬᠢᠯᠡᠬᠦ ᠴᠠᠭ ᠪᠠ ᠬᠢᠨᠠᠨ ᠪᠤᠳᠤᠬᠤ ᠴᠠᠭ ᠵᠡᠷᠭᠡ ᠶᠢ ᠪᠠᠶᠢᠴᠠᠭᠠᠨ᠎ᠠ᠃

    ᠱᠠᠲᠤ ᠱᠠᠲᠤ ᠪᠠᠷ ᠠᠳᠬᠤᠬᠤ ᠪᠠᠷ ᠳᠠᠮᠵᠢᠭᠤᠯᠤᠨ᠂ ᠲᠠᠩᠰᠠ ᠡᠪᠬᠡᠮᠡᠯ ᠤᠨ ᠶᠠᠰᠤ ᠴᠢᠨᠠᠷ ᠢ ᠦᠨᠡᠨ ᠬᠦ ᠪᠠᠲᠤᠯᠠᠵᠤ᠂

ᠬᠢᠨᠠᠨ ᠪᠤᠳᠤᠬᠤ ᠠᠵᠢᠯᠲᠠᠨ ᠤ ᠲᠠᠩᠰᠠ ᠡᠪᠬᠡᠮᠡᠯ ᠢ ᠲᠠᠩᠰᠠ ᠡᠪᠬᠡᠮᠡᠯ ᠳᠤ ᠣᠷᠣᠭᠤᠯᠬᠤ ᠬᠢᠷᠢ ᠲᠦᠪᠰᠢᠨ ᠢ

ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2