2 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠳ᠋ᠢᠶᠤᠤ ᠴᠦᠨ ᠬᠠᠶ ᠪᠦᠯᠬᠦᠮ ᠳᠠᠭᠠᠭᠤᠯᠤᠨ ᠱᠠᠨᠳᠦ᠋ᠩ ᠮᠤᠵᠢ ᠶᠢᠨ ᠴᠢᠩᠳᠤᠤ ᠬᠤᠲᠠ ᠶᠢᠨ | ᠰᠠᠨ ᠾᠧ ᠮᠠᠰᠢᠨ ᠴᠠᠬᠢᠯᠭᠠᠨ ᠲᠤᠨᠤᠭᠯᠠᠭᠠᠰᠤ ᠶᠢᠨ ᠬᠢᠵᠠᠭᠠᠷᠲᠤ ᠺᠣᠮᠫᠠᠨᠢ ᠳᠤ ᠬᠦᠷᠴᠦ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠲᠣᠰ ᠺᠣᠮᠫᠠᠨᠢ ᠳᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠰᠣᠯᠢᠯᠴᠠᠭ᠎ᠠ ᠵᠥᠪᠳᠡᠯᠴᠡᠬᠡᠷ ᠤᠨ ᠬᠤᠷᠠᠯ ᠬᠢᠪᠡ᠃ | | ᠬᠤᠷᠠᠯ ᠳᠡᠭᠡᠷ᠎ᠡ᠂ ᠳ᠋ᠢᠶᠤᠤ ᠴᠦᠨ ᠬᠠᠢ ᠰᠠᠨ ᠾᠧ ᠮᠠᠰᠢᠨ ᠴᠠᠬᠢᠯᠭᠠᠨ ᠲᠤᠨᠤᠭ ᠤᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠳᠤ ᠬᠤᠸᠠᠳᠧ ᠰᠢᠶᠠᠨ ᠤ ᠦᠨᠳᠦᠰᠦᠨ ᠪᠠᠶᠢᠳᠠᠯ᠂ ᠠᠵᠤ ᠦᠢᠯᠡᠰ ᠤᠨ ᠬᠥᠭᠵᠢᠯᠲᠡ᠂ ᠪᠡᠯᠡ | ᠣᠷᠣᠭᠤᠯᠤᠯᠲᠠ ᠶᠢᠨ ᠣᠷᠴᠢᠨ ᠲᠣᠭᠤᠷᠢᠨ ᠢ ᠨᠠᠷᠢᠨ ᠲᠠᠨᠢᠯᠴᠠᠭᠤᠯᠬᠤ ᠶᠢᠨ ᠬᠠᠮᠲᠤ ᠲᠤᠰ ᠺᠣᠮᠫᠠᠨᠢ ᠶᠢᠨ | ᠬᠥᠭᠵᠢᠯᠲᠡ ᠶᠢᠨ ᠣᠳᠣᠬᠢ ᠪᠠᠶᠢᠳᠠᠯ᠂ ᠪᠡᠯᠡ ᠣᠷᠣᠭᠤᠯᠤᠯᠲᠠ ᠶᠢᠨ ᠲᠦᠷᠦᠯ ᠵᠦᠢᠯ᠂ ᠵᠠᠬ᠎ᠠ ᠳᠡᠯᠭᠡᠭᠦᠷ ᠤᠨ | ᠪᠠᠶᠢᠷᠢᠰᠢᠭᠤᠯᠤᠯᠲᠠ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠯ᠎ᠠ ᠶᠢᠨ ᠪᠠᠶᠢᠳᠠᠯ ᠢ ᠭᠦᠨᠵᠡᠭᠡᠢ | ᠣᠶᠢᠯᠠᠭᠠᠪᠠ᠃ | ᠳ᠋ᠢᠶᠣᠤ ᠴᠦᠨ ᠬᠠᠢ᠂ ᠬᠤᠸᠠᠳᠧ ᠰᠢᠶᠠᠨ ᠤ ᠭᠠᠳᠠᠨ᠎ᠠ ᠪᠠᠶᠢᠭ᠎ᠠ ᠠᠵᠤ ᠠᠬᠤᠶᠢᠯᠠᠯᠲᠠᠨ ᠤ ᠨᠤᠲᠤᠭ ᠲᠠᠭᠠᠨ | ᠪᠤᠴᠠᠵᠤ ᠪᠡᠯᠡ ᠣᠷᠣᠭᠤᠯᠤᠨ ᠦᠢᠯᠡᠰ ᠪᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠲᠤᠰ ᠤᠳᠠᠭ᠎ᠠ ᠶᠢᠨ | ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠤᠯᠤᠯᠴᠠᠭ᠎ᠠ ᠰᠣᠯᠢᠯᠴᠠᠭ᠎ᠠ ᠪᠠᠨ ᠴᠢᠨᠠᠭᠰᠢᠳᠠ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠠᠮᠵᠢᠵᠤ᠂ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠲᠠᠯ᠎ᠠ ᠪᠠᠷ ᠭᠦᠨᠵᠡᠭᠡᠢ ᠬᠠᠮᠲᠤᠷᠠᠯᠴᠠᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠰᠠᠨ ᠾᠧ ᠮᠠᠰᠢᠨ ᠴᠠᠬᠢᠯᠭᠠᠨ ᠲᠤᠨᠤᠭᠯᠠᠭᠠᠰᠤ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠠᠯᠢ ᠲᠦᠷᠭᠡᠨ ᠢᠶᠠᠷ ᠬᠤᠸᠠᠳᠧ ᠰᠢᠶᠠᠨ ᠳᠤ ᠬᠦᠷᠴᠦ ᠲᠤᠬᠠᠶ ᠶᠢᠨ ᠭᠠᠵᠠᠷ ᠲᠤᠨᠢ ᠰᠢᠨᠵᠢᠯᠡᠨ | ᠪᠠᠶᠢᠴᠠᠭᠠᠵᠤ᠂ ᠲᠥᠷᠥᠯ ᠵᠦᠢᠯ ᠤᠨ ᠪᠣᠳᠠᠲᠠᠶ ᠬᠠᠮᠲᠤᠷᠠᠯᠴᠠᠭᠠᠨ ᠤ ᠤᠴᠢᠷ ᠶᠠᠪᠤᠳᠠᠯ ᠢ ᠤᠯᠠᠮ ᠨᠢᠭᠡ ᠠᠯᠬᠤᠮ | ᠵᠥᠪᠳᠡᠯᠴᠡᠵᠦ᠂ ᠲᠥᠷᠥᠯ ᠵᠦᠢᠯ ᠤᠨ ᠬᠠᠮᠲᠤᠷᠠᠯᠴᠠᠭ᠎ᠠ ᠶᠢ ᠢᠳᠡᠪᠬᠢᠲᠡᠶ ᠡᠷᠢᠯᠬᠢᠯᠡᠵᠦ᠂ ᠬᠠᠮᠲᠤ ᠪᠠᠷ ᠠᠰᠢᠭ ᠭᠥᠷᠳᠡᠬᠦ | ᠬᠥᠭᠵᠢᠯᠲᠡ ᠶᠢ ᠠᠬᠢᠭᠤᠯᠤᠨ᠎ᠠ ᠭᠡᠵᠡᠶ᠃ | ᠣᠶᠢᠯᠠᠭᠠᠭᠰᠠᠨ ᠢᠶᠠᠷ᠂ ᠴᠢᠩᠳᠣᠤ ᠶᠢᠨ ᠰᠠᠨ ᠾᠧ ᠮᠠᠰᠢᠨ ᠴᠠᠬᠢᠯᠭᠠᠨ ᠤ ᠰᠡᠯᠪᠢᠭ ᠲᠤᠨᠤᠭ ᠤᠨ ᠬᠢᠵᠠᠭᠠᠷᠲᠤ | ᠺᠣᠮᠫᠠᠨᠢ 1998 ᠣᠨ ᠳᠤ ᠪᠠᠶᠢᠭᠤᠯᠤᠭᠳᠠᠵᠤ᠂ 20 ᠭᠠᠷᠤᠶ ᠵᠢᠯ ᠤᠨ ᠲᠤᠰᠬᠠᠶ ᠮᠡᠷᠭᠡᠵᠢᠯ ᠤᠨ ᠬᠡᠪ᠂ ᠱᠤᠭᠤᠮᠠᠯ | ᠬᠡᠪᠯᠡᠯ᠂ ᠰᠦᠷᠴᠢᠨ ᠰᠢᠷᠳᠡᠬᠦ ᠬᠡᠪᠯᠡᠯ᠂ ᠪᠦᠲᠦᠭᠡᠭᠳᠡᠬᠦᠨ ᠤ ᠤᠭᠰᠠᠷᠠᠯᠲᠠ ᠶᠢᠨ ᠲᠤᠷᠰᠢᠯᠭ᠎ᠠ ᠲᠠᠢ ᠪᠠᠶᠢᠵᠤ᠂ ᠳᠤᠮᠳᠠ | ᠳᠡᠭᠡᠳᠦ ᠲᠠᠰ ᠤᠨ ᠡᠯᠧᠺᠳ᠋ᠷᠣᠨ᠂ ᠬᠡᠷ ᠤᠨ ᠴᠠᠬᠢᠯᠭᠠᠨ ᠬᠡᠷᠡᠭᠰᠡᠯ ᠤᠨ ᠱᠣᠭᠤᠮᠠᠯ ᠦᠢᠯᠡᠳᠭᠦᠨ ᠢ ᠰᠤᠳᠤᠯᠤᠨ ᠨᠡᠭᠡᠭᠡᠬᠦ᠂ | ᠦᠢᠯᠡᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠯᠡᠬᠡᠶ ᠶᠢᠨ 500 ᠬᠦᠴᠦᠷᠬᠡᠭ ᠣᠯᠠᠨ ᠠᠵᠤ | ᠠᠬᠤᠶᠢᠯᠠᠯ ᠤᠨ ᠵᠢᠭᠠᠨ ᠲᠣᠭᠲᠠᠭᠠᠭᠰᠠᠨ ᠦᠢᠯᠡᠳᠦᠨ ᠪᠣᠯᠪᠠᠰᠤᠷᠠᠭᠤᠯᠬᠤ ᠦᠢᠯᠡᠳᠪᠦᠷᠢ ᠪᠣᠯᠤᠭᠰᠠᠨ ᠪᠠᠶᠢᠨ᠎ᠠ᠃ | ᠺᠤᠮᠫᠠᠨᠢ ᠤᠲᠤᠬᠠᠨ ᠪᠤᠯᠲᠠᠯ᠎ᠠ 20 ᠭᠠᠷᠤᠢ ᠵᠢᠯ ᠪᠤᠯᠵᠤ᠂ ᠴᠢᠳᠬᠤᠨ ᠬᠠᠲᠠᠭᠠᠯᠠᠬᠤ᠂ ᠰᠦᠷᠴᠢᠨ ᠰᠢᠷᠳᠡᠬᠦ᠂ | ᠲᠤᠨᠤᠭᠯᠠᠯ ᠢ ᠨᠢᠬᠡ ᠴᠤᠭᠴᠠᠵᠢᠭᠤᠯᠤᠭᠰᠠᠨ ᠬᠡᠯᠭᠢᠶ᠎ᠠ ᠶᠢ ᠪᠦᠷᠢᠯᠲᠦᠭᠦᠯᠭᠦ᠂ ᠴᠢᠩᠳᠤᠤ ᠶᠢᠨ ᠪᠠᠷᠠᠭᠤᠨ ᠲᠠᠯᠠᠢ ᠶᠢᠨ | ᠡᠷᠬᠢᠨ ᠳᠤ ᠦᠢᠯᠡᠳᠪᠦᠷᠢ ᠶᠢᠨ ᠲᠠᠰᠤᠭ ᠤᠨ ᠶᠡᠷᠦᠩᠭᠡᠢ ᠲᠠᠯᠠᠪᠠᠢ ᠨᠢ 66700 ᠲᠡᠭᠰᠢ ᠳᠦᠷᠪᠡᠯᠵᠢᠨ ᠮᠤᠲᠷ᠂ | ᠲᠡᠬᠡᠲᠦ ᠨᠠᠷᠢᠯᠢᠭ ᠦᠵᠦᠭᠦᠷᠯᠢᠭ ᠪᠠᠭᠠᠵᠢ᠂ 100 ᠭᠠᠷᠤᠢ ᠲᠤᠨᠤᠭ ᠲᠦᠭᠦᠭᠡᠷᠤᠮᠵᠢ ᠲᠠᠢ ᠪᠤᠯᠵᠤ᠂ ᠤᠮᠠᠷᠠᠲᠤ | ᠤᠷᠤᠨ ᠤ ᠳᠤᠮᠲᠠ ᠲᠡᠬᠡᠲᠦ ᠲᠡᠰ ᠤᠨ ᠡᠯᠤᠺᠲᠷᠤᠨ ᠰᠦᠯᠢᠶᠤᠤ ᠦᠢᠯᠡᠳᠭᠦᠨ ᠦᠢᠯᠡᠳᠪᠦᠷᠢᠯᠡᠭᠦ ᠴᠢᠬᠤᠯᠠ | ᠰᠠᠭᠤᠷᠢᠨ ᠭᠠᠵᠠᠷ ᠪᠤᠯᠵᠠᠢ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ | ᠰᠦᠨ ᠸᠧᠨ ᠪᠥᠸᠧ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ | ᠠᠬᠢᠭᠤᠯᠬᠤ ᠲᠥᠪ ᠤᠨ ᠭᠤᠣᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |