ᠦᠨᠳᠦᠰᠦᠨ ᠱᠠᠲᠤᠨ ᠤ ᠴᠠᠭᠳᠠᠭᠠᠨ ᠤ ᠶᠠᠪᠤᠳᠠᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢᠨ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠃ 2 ᠰᠠᠷ᠎ᠠ ᠶᠢᠨ 8 ᠤ ᠡᠳᠦᠷ᠂ ᠤᠯᠠᠭᠠᠨᠴᠠᠪ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠠᠩ ᠬᠤᠩ ᠨᠠᠷ | ᠬᠤᠸᠠᠳᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠩᠱᠦ᠋ᠨ ᠲᠣᠮᠢᠯᠠᠭᠰᠠᠨ ᠰᠠᠯᠪᠤᠷᠢ ᠪᠣᠯᠤᠨ | ᠪᠠᠶᠠᠨᠲᠠᠯ᠎ᠠ ᠲᠣᠮᠢᠯᠠᠭᠰᠠᠨ ᠰᠠᠯᠪᠤᠷᠢ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ | ᠵᠢᠭᠠᠨ ᠵᠢᠯᠣᠭᠤᠳᠪᠠ᠃ | | ᠲᠣᠮᠢᠯᠠᠭᠰᠠᠨ ᠰᠠᠯᠪᠤᠷᠢ ᠳᠤ ᠬᠦᠷᠦᠭᠰᠡᠨ ᠤ ᠲᠠᠷᠠᠭ᠎ᠠ᠂ ᠶᠠᠩ ᠬᠤᠩ ᠴᠠᠩ ᠱᠦᠨ ᠲᠣᠮᠢᠯᠠᠭᠰᠠᠨ ᠰᠠᠯᠪᠤᠷᠢ ᠪᠣᠯᠤᠨ | ᠪᠠᠶᠠᠨᠲᠠᠯ᠎ᠠ ᠲᠣᠮᠢᠯᠠᠭᠰᠠᠨ ᠰᠠᠯᠪᠤᠷᠢ ᠶᠢᠨ ᠤᠳᠤᠷᠢᠳᠬᠤ ᠪᠠᠭ᠂ ᠠᠷᠠᠳ ᠤᠨ ᠲᠤᠰᠠᠯᠠᠬᠤ ᠴᠠᠭᠳᠠᠭ᠎ᠠ ᠶᠢᠨ | ᠲᠥᠯᠥᠭᠡᠯᠡᠭᠴᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠣᠮᠢᠯᠠᠭᠰᠠᠨ ᠰᠠᠯᠪᠤᠷᠢ ᠶᠢᠨ ᠬᠠᠷᠢᠭᠤᠴᠠᠯᠭᠠᠲᠠᠨ | ᠣᠶᠢᠷ᠎ᠠ ᠶᠢᠨ ᠬᠤᠭᠤᠴᠠᠭᠠᠨ ᠤ ᠬᠠᠷᠢᠶ᠎ᠠ ᠣᠷᠣᠨ ᠤ ᠠᠮᠤᠷ ᠢ ᠬᠠᠮᠠᠭᠠᠯᠠᠬᠤ ᠪᠠᠶᠢᠳᠠᠯ᠂ ᠬᠡᠷᠡᠭ ᠢ ᠰᠢᠢᠳᠪᠦᠷᠢᠯᠡᠬᠦ᠂ | ᠡᠩᠨᠡᠭᠡᠨ ᠤ ᠪᠠᠶᠢᠭᠤᠯᠤᠯᠲᠠ ᠵᠢᠴᠢ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢᠶᠠᠨ | ᠨᠠᠷᠢᠨ ᠲᠣᠳᠣᠷᠬᠠᠶ ᠬᠠᠷᠢᠭᠤ ᠮᠡᠳᠡᠭᠦᠯᠪᠡ᠃ ᠶᠠᠩ ᠬᠤᠩ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ | ᠠᠵᠢᠯ ᠤᠨ ᠨᠠᠷᠢᠨ ᠵᠦᠢᠯᠡᠰ ᠤᠨ ᠲᠤᠬᠠᠢ ᠠᠷᠠᠳ ᠤᠨ ᠴᠠᠭᠳᠠᠭ᠎ᠠ ᠨᠠᠷ ᠲᠠᠢ ᠭᠦᠨᠵᠡᠭᠡᠢ ᠶᠠᠷᠢᠯᠴᠠᠵᠤ᠂ ᠠᠵᠢᠯ ᠤᠨ | ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ ᠪᠣᠳᠠᠲᠠᠢ ᠵᠢᠯᠣᠭᠤᠳᠬᠤ ᠰᠠᠨᠠᠯ | ᠳᠤᠷᠠᠳᠪᠠ᠃ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠭᠤᠭᠴᠤᠭ᠎ᠠ ᠳᠤ᠂ ᠶᠠᠩ ᠬᠤᠩ ᠲᠣᠮᠢᠯᠠᠭᠰᠠᠨ ᠰᠠᠯᠪᠤᠷᠢ ᠶᠢᠨ | ᠴᠠᠭᠳᠠᠭᠠᠨ ᠤ ᠶᠡᠭᠡ ᠲᠢᠩᠬᠢᠮ᠂ ᠬᠡᠷᠡᠭ ᠰᠢᠢᠳᠪᠦᠷᠢᠯᠡᠬᠦ ᠲᠣᠭᠤᠷᠢᠭ᠂ ᠠᠵᠢᠯᠯᠠᠬᠤ ᠲᠣᠭᠤᠷᠢᠭ ᠪᠣᠯᠣᠨ ᠠᠮᠢᠳᠤᠷᠠᠯ ᠤᠨ | ᠲᠣᠭᠤᠷᠢᠭ ᠢ ᠨᠠᠷᠢᠨ ᠨᠢᠭᠲᠠ ᠪᠠᠶᠢᠴᠠᠭᠠᠪᠠ᠃ ᠲᠡᠷᠡ᠂ ᠴᠠᠭᠳᠠᠭᠠᠨ ᠤ ᠲᠢᠩᠬᠢᠮ ᠢ ᠭᠥᠯᠢᠶᠡᠨ ᠠᠪᠴᠤ ᠰᠢᠢᠳᠪᠦᠷᠢᠯᠡᠬᠦ | ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠲᠦᠮᠡᠨ ᠲᠠᠢ ᠬᠠᠷᠢᠯᠴᠠᠬᠤ ᠨᠢᠭᠡᠳᠦᠭᠡᠷ ᠴᠣᠩᠬᠤ ᠮᠥᠨ᠂ | ᠦᠢᠯᠡᠴᠢᠯᠡᠭᠡᠨ ᠤ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠷᠢᠭᠤ ᠥᠭᠴᠦ | ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠡᠷᠡ ᠵᠢᠭᠠᠵᠤ ᠭᠠᠷᠭᠠᠭᠰᠠᠨ ᠨᠢ᠂ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ ᠪᠣᠯ ᠳᠣᠲᠣᠭᠠᠳᠤ ᠶᠢ ᠬᠠᠮᠠᠭᠠᠯᠠᠬᠤ ᠠᠵᠢᠯ ᠤᠨ ᠠᠮᠢᠨ ᠰᠤᠳᠠᠰᠤ ᠮᠥᠨ᠂ ᠬᠠᠤᠯᠢ ᠬᠡᠷᠡᠭᠵᠢᠭᠦᠯᠬᠦ | ᠭᠤᠭᠴᠤᠭ᠎ᠠ ᠨᠢᠭᠡᠪᠦᠷᠢ ᠳᠤ ᠴᠥᠮ ᠡᠷᠬᠡᠪᠰᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠠᠰ ᠳᠠᠷᠠᠭᠠᠯᠠᠯ ᠤᠨ | ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠬᠡᠷᠡᠭ ᠢ ᠰᠢᠶ᠋ᠳᠪᠦᠷᠢᠯᠡᠬᠦ ᠨᠢ ᠬᠠᠤᠯᠢ ᠴᠠᠭᠠᠵᠠ ᠪᠠ ᠲᠡᠦᠬᠡ ᠶᠢᠨ | ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠠᠩ ᠬᠤᠩ ᠴᠠᠩ ᠱᠦᠨ ᠲᠣᠮᠢᠯᠠᠭᠰᠠᠨ ᠰᠠᠯᠪᠤᠷᠢ ᠪᠣᠯᠤᠨ | ᠪᠠᠶᠠᠨᠲᠠᠯ᠎ᠠ ᠲᠣᠮᠢᠯᠠᠭᠰᠠᠨ ᠰᠠᠯᠪᠤᠷᠢ ᠶᠢᠨ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ | ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠦᠨᠳᠦᠰᠦᠨ | ᠱᠠᠲᠤᠨ ᠤ ᠲᠣᠮᠢᠯᠠᠭᠰᠠᠨ ᠰᠠᠯᠪᠤᠷᠢ ᠨᠢ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠡᠮᠦᠨ᠎ᠡ ᠹᠷᠣᠨᠲ ᠤᠨ | ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠨᠢᠭᠡ ᠲᠠᠯ᠎ᠠ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠪᠥᠬᠦ ᠠᠷᠠᠳ ᠤᠨ ᠲᠤᠰᠠᠯᠠᠬᠤ ᠴᠠᠭᠳᠠᠭ᠎ᠠ ᠨᠠᠷ ᠢᠮᠠᠭᠲᠠ | ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠪᠠᠲᠤᠯᠠᠵᠤ᠂ ᠠᠵᠢᠯ ᠤᠨ | ᠪᠠᠶᠢᠷᠢ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠤᠯᠤᠰ ᠤᠨ ᠠᠮᠤᠷ | ᠲᠦᠪᠰᠢᠨ ᠢ ᠬᠠᠮᠠᠭᠠᠯᠠᠬᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠷᠠᠳ | ᠣᠯᠠᠨ ᠳᠤ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ᠡᠭᠦᠨ ᠤ ᠬᠠᠮᠲᠤ᠂ ᠲᠣᠮᠢᠯᠠᠭᠰᠠᠨ ᠰᠠᠯᠪᠤᠷᠢ ᠶᠢᠨ ᠲᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠶ ᠱᠠᠭᠠᠷᠳᠠᠯᠭ᠎ᠠ | ᠳᠤᠷᠠᠳᠪᠠ᠃ ᠨᠢᠭᠡ ᠳᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠡᠯ᠎ᠡ | ᠲᠥᠷᠥᠯ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠪᠠᠨ ᠴᠢᠩᠭᠠᠳᠬᠠᠵᠤ᠂ ᠲᠣᠭᠲᠠᠭᠤᠨ | ᠪᠤᠰᠤ ᠬᠦᠴᠦᠨ ᠵᠦᠢᠯ ᠢ ᠴᠠᠭ ᠲᠤᠬᠠᠶ ᠳᠤᠨᠢ ᠠᠷᠢᠯᠭᠠᠵᠤ᠂ ᠬᠠᠷᠢᠶᠠᠲᠤ ᠣᠷᠣᠨ ᠤ ᠨᠡᠶᠢᠭᠡᠮ ᠤᠨ ᠠᠮᠤᠷ ᠲᠦᠪᠰᠢᠨ ᠤ | ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠥᠨᠳᠥᠷ | ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠲᠤᠯᠠᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠪᠣᠯᠤᠨ | ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠬᠦ ᠬᠡᠷᠡᠭᠲᠡᠢ᠃ ᠭᠤᠷᠪᠠ ᠳᠤ᠂ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠤᠯᠤᠰ ᠲᠦᠷᠦ ᠪᠠᠷ ᠴᠠᠭᠳᠠᠭ᠎ᠠ ᠶᠢ ᠪᠠᠶᠢᠭᠤᠯᠬᠤ᠂ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ | ᠠᠷᠠᠳ ᠤᠨ ᠴᠠᠭᠳᠠᠭ᠎ᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠪᠣᠯᠤᠨ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠢ ᠴᠢᠩᠭᠠᠳᠬᠠᠵᠤ᠂ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠪᠣᠯᠤᠨ ᠲᠠᠶᠢᠴᠢᠨ ᠬᠦᠴᠦᠨ ᠢ | ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠦᠷᠪᠡ ᠳᠤ᠂ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ | ᠥᠭᠡᠷᠡᠴᠢᠯᠡᠯᠲᠡ ᠰᠢᠨᠡᠴᠢᠯᠡᠯᠲᠡ ᠶᠢ ᠢᠳᠡᠪᠬᠢᠲᠡᠢ ᠠᠬᠢᠭᠤᠯᠵᠤ᠂ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ | ᠠᠷᠭ᠎ᠠ ᠪᠠᠷᠢᠯ ᠢ ᠭᠦᠢᠴᠡᠳ ᠠᠰᠢᠭᠯᠠᠵᠤ᠂ ᠴᠠᠭᠳᠠᠭᠠᠨ ᠤ ᠶᠠᠪᠤᠳᠠᠯ ᠤᠨ ᠠᠵᠢᠯ ᠤᠨ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠬᠤᠸᠠᠳᠧ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠣᠮᠢᠯᠠᠭᠰᠠᠨ ᠰᠠᠯᠪᠤᠷᠢ ᠶᠢᠨ ᠲᠠᠷᠠᠭᠠᠴᠢ ᠶᠢᠨ ᠠᠯᠬᠤᠮ ᠤᠨ ᠠᠵᠢᠯ ᠤᠨ | ᠴᠢᠭᠯᠡᠯ ᠢ ᠲᠣᠳᠣᠷᠬᠠᠶ ᠵᠢᠭᠠᠵᠤ ᠥᠭᠴᠡᠶ᠃ ᠲᠣᠮᠢᠯᠠᠭᠰᠠᠨ ᠰᠠᠯᠪᠤᠷᠢ ᠶᠢᠨ ᠪᠦᠬᠦ ᠠᠷᠠᠳ ᠤᠨ ᠲᠤᠰᠠᠯᠠᠬᠤ ᠴᠠᠭᠳᠠᠭ᠎ᠠ᠂ | ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠴᠤᠭ ᠰᠦᠯᠳᠡ ᠪᠠᠨ ᠴᠢᠨᠠᠭᠰᠢᠳᠠ | ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠡᠯ᠎ᠡ ᠵᠦᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷᠢᠶ᠎ᠠ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ | ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ ᠭᠡᠵᠦ ᠢᠯᠡᠳᠬᠡᠪᠡ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |