ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠪᠥᠬᠦ ᠬᠦᠴᠦᠨ ᠢᠶᠠᠷ ᠢᠶᠠᠨ ᠴᠢᠩᠭᠠᠳᠬᠠᠪᠠ
ᠨᠡᠶᠢᠲᠡᠯᠡᠭᠰᠡᠨ ᠴᠠᠭ᠄
2025/3/10

    2025 ᠣᠨ ᠤ ᠴᠠᠭᠠᠨ ᠰᠠᠷ᠎ᠠ ᠥᠩᠭᠡᠷᠡᠭᠰᠡᠨ ᠤ ᠲᠠᠷᠠᠭ᠎ᠠ᠂ ᠮᠠᠨ ᠤ ᠰᠢᠶᠠᠨ ᠤ ᠪᠠᠶᠢᠭᠠᠯᠢ ᠶᠢᠨ ᠡᠬᠢ

ᠪᠠᠶᠠᠯᠢᠭ ᠤᠨ ᠲᠣᠪᠴᠢᠶ᠎ᠠ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ

ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ

ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠭᠤᠷᠬᠠᠢ ᠶᠢᠨ ᠣᠷᠣᠨ ᠤ ᠠᠶᠤᠯᠭᠦᠢ ᠦᠢᠯᠡᠳᠪᠦᠷᠢᠯᠡᠯ ᠤᠨ

ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂

ᠪᠤᠰᠤᠳ ᠰᠠᠯᠠᠭ᠎ᠠ ᠮᠥᠴᠢᠷ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠨ ᠠᠭᠤᠷᠬᠠᠢ ᠶᠢᠨ ᠣᠷᠣᠨ ᠤ ᠠᠶᠤᠯᠭᠦᠢ

ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠪᠡ᠃

    ᠨᠢᠭᠡ ᠳᠤ ᠭᠤᠣᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠶᠤᠯᠭᠦᠢ

ᠦᠢᠯᠡᠳᠪᠦᠷᠢᠯᠡᠯ ᠤᠨ ᠬᠠᠮᠢᠶᠠᠷᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠶᠢᠨ ᠬᠠᠮᠲᠤ ᠠᠵᠢᠯ ᠤᠨ

ᠲᠦᠰᠦᠪ ᠳᠣᠭᠲᠠᠭᠠᠨ᠎ᠠ

    ᠬᠤᠶᠠᠷ ᠲᠤ᠂ ᠠᠭᠤᠷᠬᠠᠶ ᠨᠡᠭᠡᠭᠡᠨ ᠮᠠᠯᠲᠠᠬᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂

ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠪᠠ ᠪᠠᠭᠤᠷᠠᠶ ᠭᠤᠭᠴᠤᠭ᠎ᠠ ᠳᠤ ᠬᠠᠨᠳᠤᠯᠭᠠᠲᠤ ᠴᠢᠨᠠᠷᠲᠠᠶ ᠪᠠᠷ

ᠠᠷᠭ᠎ᠠ ᠬᠡᠮᠵᠢᠶ᠎ᠡ ᠠᠪᠴᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃

ᠳᠣᠲᠣᠭᠠᠳᠤ ᠶᠢ ᠬᠠᠮᠠᠭᠠᠯᠠᠬᠤ᠂ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ

ᠮᠥᠴᠢᠷ ᠲᠠᠢ ᠬᠠᠮᠵᠢᠯᠴᠠᠨ᠂ ᠠᠭᠤᠷᠬᠠᠶ ᠨᠡᠭᠡᠭᠡᠨ ᠮᠠᠯᠲᠠᠬᠤ ᠳᠤ ᠭᠠᠯ ᠬᠡᠷᠡᠭᠯᠡᠬᠦ ᠠᠶᠤᠯ ᠦᠭᠡᠶ ᠳᠤ ᠬᠢᠨᠠᠯᠲᠠ

ᠲᠠᠯᠪᠢᠬᠤ ᠶᠢ ᠴᠢᠩᠭᠠᠳᠬᠠᠵᠤ᠂ ᠠᠭᠤᠷᠬᠠᠶ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠦᠭᠡᠶ

ᠦᠢᠯᠡᠳᠪᠦᠷᠢᠯᠡᠯ ᠤᠨ ᠡᠯ᠎ᠡ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃

    ᠭᠤᠷᠪᠠ ᠳᠤ᠂ ᠲᠠᠰᠤᠷᠠᠯᠲᠠ ᠥᠬᠡᠶ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠪᠠᠶᠠᠷ ᠳᠤᠷᠠᠰᠬᠠᠯ

ᠠᠮᠠᠷᠠᠯᠲᠠ ᠶᠢᠨ ᠡᠳᠦᠷ ᠪᠠ ᠰᠥᠨᠢ ᠪᠠᠷ ᠬᠥᠮᠦᠨ ᠲᠣᠬᠢᠷᠠᠭᠤᠯᠤᠨ ᠭᠤᠤᠯᠳᠠᠯᠭ᠎ᠠ ᠲᠠᠢ ᠣᠷᠣᠨ ᠪᠦᠰᠡ ᠳᠤ ᠳᠠᠯᠳᠠᠭᠤᠷ

ᠪᠠᠶᠢᠴᠠᠭᠠᠯᠲᠠ ᠬᠢᠵᠦ᠂ ᠬᠠᠤᠯᠢ ᠪᠤᠰᠤ ᠪᠠᠷ ᠨᠡᠭᠡᠭᠡᠨ ᠮᠠᠯᠲᠠᠬᠤ ᠦᠢᠯᠡ ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ

ᠨᠢᠭᠡ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ᠂ 12336 ᠢᠯᠡ ᠪᠠᠷ ᠢᠯᠡᠴᠢᠯᠡᠨ ᠮᠡᠳᠡᠭᠦᠯᠬᠦ

ᠤᠲᠠᠰᠤ ᠭᠠᠷᠭᠠᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠪᠠ ᠣᠯᠠᠨ ᠲᠦᠮᠡᠨ ᠤ ᠬᠢᠨᠠᠯᠲᠠ

ᠲᠠᠯᠪᠢᠬᠤ ᠠᠷᠭ᠎ᠠ ᠵᠠᠮ ᠢ ᠰᠢᠯᠤᠭᠤᠳᠬᠠᠵᠤ᠂ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠬᠤ ᠠᠵᠢᠯᠯᠠᠭ᠎ᠠ ᠶᠢ

ᠪᠦᠲᠦᠮᠵᠢᠲᠡᠶ ᠬᠤᠷᠢᠭᠯᠠᠪᠠ᠃

    ᠳᠥᠷᠪᠡ ᠳᠤ ᠣᠳᠣᠬᠠᠨ ᠤ ᠣᠷᠣᠨ ᠪᠦᠰᠡ ᠶᠢᠨ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ

ᠣᠨᠴᠠᠯᠢᠭ ᠲᠠᠢ ᠤᠶᠠᠯᠳᠤᠭᠤᠯᠤᠨ᠂ ᠳᠠᠩ ᠭᠠᠭᠴᠠ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ

ᠬᠠᠮᠢᠶᠠᠷᠤᠯᠲᠠ ᠠᠴᠠ ᠠᠶᠤᠯ ᠦᠭᠡᠶ ᠶᠢᠨ ᠪᠦᠬᠦᠨ ᠢ ᠤᠬᠠᠭᠤᠯᠬᠤ᠂ ᠠᠶᠤᠯ ᠦᠭᠡᠶ ᠶᠢᠨ ᠬᠥᠮᠦᠵᠢᠯ ᠵᠢᠴᠢ ᠠᠶᠤᠯ

ᠦᠭᠡᠶ ᠶᠢᠨ ᠰᠡᠷᠭᠡᠶᠢᠯᠡᠯᠲᠡ ᠶᠢ ᠨᠢᠭᠡ ᠴᠣᠭᠴᠠᠵᠢᠭᠤᠯᠤᠭᠰᠠᠨ ᠣᠯᠠᠨ ᠶᠠᠩᠵᠤᠴᠢᠯᠠᠭᠰᠠᠨ ᠬᠠᠮᠢᠶᠠᠷᠤᠯᠲᠠ ᠶᠢᠨ

ᠵᠠᠭᠪᠤᠷ ᠲᠤ ᠬᠦᠷᠴᠦ᠂ ᠠᠭᠤᠷᠬᠠᠶ ᠶᠢᠨ ᠠᠵᠤ ᠠᠬᠤᠶᠢᠯᠠᠯ ᠳᠤ ᠠᠶᠤᠯ ᠦᠭᠡᠶ ᠦᠢᠯᠡᠳᠪᠦᠷᠢᠯᠡᠯ ᠤᠨ ᠵᠠᠩᠭᠢᠯᠠᠭ᠎ᠠ ᠳᠤ

ᠣᠷᠣᠰᠢᠵᠤ ᠪᠠᠶᠢᠭ᠎ᠠ ᠵᠠᠷᠢᠮ ᠳᠣᠪᠤᠶᠢᠮ᠎ᠠ ᠠᠰᠠᠭᠤᠳᠠᠯ ᠢ ᠴᠢᠳᠠᠯ ᠤᠨ ᠬᠢᠷᠢ ᠪᠠᠷ ᠢᠶᠠᠨ ᠰᠢᠶ᠋ᠳᠪᠦᠷᠢᠯᠡᠨ ᠥᠭᠴᠦ᠂

ᠠᠶᠤᠯ ᠦᠭᠡᠶ ᠦᠢᠯᠡᠳᠪᠦᠷᠢᠯᠡᠯ ᠤᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2