ᠬᠤᠸᠠᠳᠧ ᠰᠢᠶᠠᠨ 2025 ᠣᠨ ᠤ ᠲᠠᠷᠢᠶᠠᠯᠠᠩ ᠤᠨ ᠭᠠᠷᠠᠮ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/11

    3 ᠰᠠᠷ᠎ᠠ ᠶᠢᠨ 10 ᠤ ᠡᠳᠦᠷ᠂ ᠬᠤᠸᠠᠳᠧ ᠰᠢᠶᠠᠨ 2025 ᠣᠨ ᠤ ᠲᠠᠷᠢᠶᠠᠯᠠᠩ ᠤᠨ ᠪᠣᠭᠤᠮᠲᠠ ᠶᠢᠨ

ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ

ᠭᠦᠸᠧ ᠬᠤᠩ ᡁᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

1741697690656001064.jpg

    ᠬᠤᠷᠠᠯ ᠳᠡᠭᠡᠷ᠎ᠡ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ

ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂

ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠭᠤᠤᠯ ᠬᠠᠷᠢᠭᠤᠴᠠᠯᠭᠠᠲᠠᠨ ᠲᠣᠰ ᠲᠣᠰ

2025 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠬᠠᠷᠢᠭᠤ ᠮᠡᠳᠡᠭᠦᠯᠪᠡ᠃

    ᠬᠤᠷᠠᠯ ᠠᠴᠠ  ︽ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ︾ ᠭᠡᠬᠦ ᠡᠨᠡᠬᠦ ᠪᠠᠴᠢᠮ ᠡᠭᠦᠷᠭᠡ ᠶᠢ ᠴᠢᠩᠭ᠎ᠠ

ᠠᠩᠬᠠᠷᠴᠤ᠂ ᠬᠠᠪᠤᠷ ᠤᠨ ᠡᠷᠲᠡ ᠶᠢᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ

ᠠᠳᠬᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠪᠠ ᠪᠠᠶᠢᠴᠠᠭᠠᠬᠤ ᠡᠷᠴᠢᠮ ᠢᠶᠠᠨ

ᠴᠢᠩᠭᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠮᠡᠷᠭᠡᠵᠢᠯ ᠤᠨ ᠪᠣᠯᠪᠠᠰᠤᠷᠠᠯ ᠤᠨ ᠵᠢᠯᠤᠭᠤᠳᠤᠯᠭ᠎ᠠ ᠶᠢ ᠥᠷᠨᠢᠭᠦᠯᠵᠦ᠂

ᠬᠠᠪᠤᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ

ᠠᠬᠢᠭᠤᠯᠬᠤ ᠬᠡᠷᠡᠭᠲᠡᠢ᠃ ᠪᠥᠬᠦ ᠰᠢᠶᠠᠨ ᠳᠤ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠪᠡᠷᠬᠡ

ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠶᠠᠭᠳᠠᠮᠠᠯ

ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ᠂ ᠠᠰᠢᠭᠯᠠᠯᠲᠠ ᠶᠢᠨ ᠨᠣᠷᠮ᠎ᠠ ᠶᠢ ᠪᠥᠬᠦ

ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠳᠦᠷ

ᠲᠤᠳᠤᠮ ᠤᠨ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠦᠢᠯᠡᠰ ᠤᠨ ᠬᠥᠭᠵᠢᠯᠲᠡ᠂

ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠵᠡᠷᠭᠡ ᠡᠯ᠎ᠡ

ᠵᠦᠢᠯ ᠤᠨ ᠭᠦᠢᠴᠡᠳᠬᠡᠯ ᠲᠤᠭ᠎ᠠ ᠶᠢ ᠴᠠᠭ ᠲᠤᠬᠠᠢ ᠳᠤᠨᠢ ᠮᠥᠷᠳᠡᠬᠦ ᠪᠠ ᠬᠥᠳᠡᠯᠦᠩᠭᠦᠢ ᠪᠠᠷ ᠦᠨᠡᠯᠡᠨ ᠵᠢᠱᠢᠵᠦ᠂

ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠠᠵᠢᠯ ᠤᠨ ᠠᠷᠭ᠎ᠠ ᠪᠤᠳᠤᠯᠭ᠎ᠠ ᠳᠤ ᠲᠤᠬᠢᠷᠠᠭᠤᠯᠤᠯᠳᠠ

ᠬᠢᠬᠦ ᠬᠡᠷᠡᠭᠲᠡᠢ᠃ ᠡᠭᠦᠨ ᠤ ᠬᠠᠮᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ

ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ

ᠵᠣᠯᠭᠠᠭᠤᠯᠤᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃

    ᠬᠤᠷᠠᠯ ᠠᠴᠠ᠂ ᠡᠯ᠎ᠡ ᠰᠢᠶᠠᠩ ᠪᠠᠯᠭᠠᠰᠤ ᠪᠣᠯᠤᠨ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠦᠵᠡᠯ

ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠲᠣᠭᠲᠠᠭᠰᠠᠨ ᠬᠠᠷᠠᠯᠲᠠ ᠲᠠᠢ ᠨᠢᠭᠲᠠ ᠤᠶᠠᠯᠳᠤᠭᠤᠯᠵᠤ᠂ ᠣᠳᠣᠬᠠᠨ ᠤ

ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ

ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠦᠯᠬᠦᠮᠳᠡᠨ

ᠬᠠᠮᠵᠢᠯᠴᠠᠵᠤ᠂ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠬᠠᠷᠢᠯᠴᠠᠨ ᠳᠡᠮᠵᠢᠵᠦ᠂ ᠬᠠᠷᠢᠯᠴᠠᠨ ᠬᠠᠮᠵᠢᠯᠴᠠᠨ᠂ ᠲᠣᠰ

ᠲᠣᠰ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠲᠠᠷᠢᠶᠠᠯᠠᠩ ᠤᠨ ᠡᠯ᠎ᠡ ᠵᠦᠢᠯ ᠤᠨ ᠠᠵᠢᠯ ᠢ

ᠬᠠᠮᠲᠤᠪᠠᠷ ᠠᠬᠢᠭᠤᠯᠬᠤ ᠬᠡᠷᠡᠭᠲᠡᠶ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠡᠵᠡᠮᠳᠡᠵᠦ᠂ ᠬᠠᠷᠢᠭᠤᠴᠠᠯᠭ᠎ᠠ ᠶᠢ

ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂

ᠰᠢᠷᠭᠠᠭᠤ ᠬᠠᠲᠠᠭᠤᠵᠢᠯᠲᠠᠢ ᠠᠵᠢᠯᠯᠠᠵᠤ᠂ ᠲᠠᠷᠢᠶᠠᠯᠠᠩ ᠤᠨ ᠪᠣᠭᠤᠮᠲᠠ ᠶᠢᠨ ᠡᠯ᠎ᠡ ᠵᠦᠢᠯ ᠤᠨ ᠠᠵᠢᠯ ᠢ ᠡᠮᠬᠢ

ᠵᠢᠷᠤᠮ ᠲᠠᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠵᠤ᠂ ᠪᠦᠬᠦ ᠰᠢᠶᠠᠨ ᠤ ᠬᠥᠳᠡᠭᠡ ᠠᠵᠤ ᠠᠬᠤᠢ ᠬᠥᠳᠡᠭᠡ

ᠲᠣᠰᠬᠤᠨ ᠤ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2