ᠬᠤᠸᠠᠳᠧ ᠰᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠢᠨ᠎ᠡ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠪᠠ
ᠨᠡᠶᠢᠲᠡᠯᠡᠭᠰᠡᠨ ᠴᠠᠭ᠄
2025/3/11

    3 ᠰᠠᠷ᠎ᠠ ᠶᠢᠨ 11 ᠤ ᠡᠳᠦᠷ᠂ ᠬᠤᠸᠠᠳᠧ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ

ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ 2025 ᠣᠨ ᠤ ᠠᠩᠬᠠᠳᠤᠭᠠᠷ ᠤᠳᠠᠭᠠᠨ ᠤ

ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠰ ᠤᠳᠠᠭᠠᠨ ᠤ ᠬᠤᠷᠠᠯ ᠨᠢ 2025 ᠣᠨ ᠤ ᠦᠨᠡᠨᠴᠢ

ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ ᠲᠥᠰᠦᠯ ᠳᠤ

ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠰᠠᠯᠠᠭ᠎ᠠ ᠮᠥᠴᠢᠷ ᠤᠨ ᠬᠦᠴᠦᠨ ᠢ ᠨᠢᠭᠲᠠᠷᠠᠭᠤᠯᠤᠨ᠂ ᠦᠨᠡᠨᠴᠢ

ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠤᠯᠳᠠᠯᠭ᠎ᠠ ᠲᠠᠢ ᠡᠭᠦᠷᠭᠡ ᠶᠢ ᠨᠠᠷᠢᠯᠢᠬᠵᠢᠭᠤᠯᠬᠤ

ᠠᠵᠢᠯ ᠤᠨ ᠲᠥᠰᠦᠯ ᠢ ᠬᠠᠮᠲᠤ ᠪᠠᠷ ᠰᠤᠳᠤᠯᠤᠨ ᠰᠦᠪᠡᠭᠴᠢᠯᠡᠵᠦ᠂ ᠪᠥᠬᠦ ᠰᠢᠶᠠᠨ ᠤ ᠦᠨᠡᠨᠴᠢ ᠢᠲᠡᠭᠡᠮᠵᠢ ᠶᠢᠨ

ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠬᠤᠷᠠᠯ ᠤᠨ ᠤᠷᠤᠭᠰᠢᠲᠠᠶ ᠬᠤᠷᠠᠯᠳᠤᠬᠤ ᠳᠤ ᠰᠠᠭᠤᠷᠢ ᠶᠢ

ᠪᠠᠬᠢᠵᠢᠭᠦᠯᠬᠦ ᠶᠢᠨ ᠲᠥᠯᠥᠭᠡ ᠶᠤᠮ᠃

1741779389107022471.jpg

    ᠬᠤᠷᠠᠯ ᠳᠡᠭᠡᠷ᠎ᠡ᠂ ᠥᠩᠭᠡᠷᠡᠭᠰᠡᠨ ᠨᠢᠭᠡ ᠵᠢᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ

ᠡᠷᠭᠢᠴᠡᠭᠦᠯᠵᠦ᠂ ᠠᠮᠵᠢᠯᠲᠠ ᠶᠢ ᠨᠤᠲᠠᠯᠠᠬᠤ ᠶᠢᠨ ᠬᠠᠮᠲᠤ ᠪᠠᠰᠠ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠶᠢ

ᠵᠢᠭᠠᠨ ᠭᠠᠷᠭᠠᠵᠤ᠂ ᠣᠳᠣᠬᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠠᠬᠢᠴᠠ ᠪᠠ

ᠥᠷᠢᠰᠥᠯᠳᠦᠭᠡᠨ ᠢ ᠲᠣᠳᠣᠷᠬᠠᠶᠢᠯᠠᠨ ᠥᠭᠦᠯᠡᠵᠦ᠂ 2025 ᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ

ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠴᠢᠬᠤᠯᠠᠴᠢᠯᠠᠪᠠ᠃ ᠡᠭᠦᠨ ᠤ ᠬᠠᠮᠲᠤ ︽ᠬᠤᠸᠠᠳᠧ ᠰᠢᠶᠠᠨ ᠤ

2025 ᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠤᠯᠳᠠᠯᠭ᠎ᠠ ᠲᠠᠢ

ᠡᠭᠦᠷᠭᠡ ᠶᠢᠨ ᠠᠵᠢᠯ ᠤᠨ ᠲᠥᠰᠦᠯ︾ ᠢ ᠶᠠᠷᠢᠯᠴᠠᠪᠠ᠃ ᠲᠥᠰᠦᠯ ᠳᠤ ᠳᠤᠷᠠᠳᠤᠭᠰᠠᠨ ᠨᠢ᠂ ᠵᠠᠰᠠᠭ ᠤᠨ ᠶᠠᠪᠤᠳᠠᠯ ᠤᠨ

ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ

ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ ᠶᠡᠭᠡ ᠬᠦᠷᠢᠶᠡᠨ ᠤ ᠲᠣᠭᠤᠷᠢᠨ ᠳᠤ᠂ ᠠᠯᠢ ᠣᠯᠠᠨ

ᠭᠤᠤᠯᠳᠠᠯᠭ᠎ᠠ ᠲᠠᠢ ᠠᠵᠢᠯ ᠢ ᠥᠷᠨᠢᠭᠦᠯᠦᠨ᠎ᠡ᠃

    ᠶᠠᠷᠢᠯᠴᠠᠬᠤ ᠪᠠᠷ ᠳᠠᠮᠵᠢᠨ᠂ ᠡᠯ᠎ᠡ ᠰᠠᠯᠠᠭ᠎ᠠ ᠮᠥᠴᠢᠷ ᠬᠠᠮᠲᠤ ᠶᠢᠨ ᠲᠠᠨᠢᠯᠲᠠ ᠲᠠᠢ ᠪᠣᠯᠵᠤ᠂ ᠠᠵᠢᠯ ᠤᠨ ᠴᠢᠭᠯᠡᠯ

ᠪᠣᠯᠤᠨ ᠭᠤᠤᠯᠳᠠᠯᠭ᠎ᠠ ᠲᠠᠢ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠪᠠ᠃ ᠳᠠᠷᠠᠭᠠᠴᠢ ᠶᠢᠨ ᠠᠯᠬᠤᠮ ᠳᠤ᠂

ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠠᠵᠢᠯ ᠤᠨ ᠲᠥᠰᠦᠯ ᠢᠶᠠᠨ

ᠨᠠᠷᠢᠯᠢᠬᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠮᠵᠢᠯᠴᠠᠨ ᠬᠠᠮᠵᠢᠯᠴᠠᠬᠤ ᠪᠠᠨ

ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠶᠢ

ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠨ᠎ᠠ᠃ ᠲᠣᠰ ᠤᠳᠠᠭᠠᠨ ᠤ ᠠᠬᠢᠭᠤᠯᠬᠤ ᠬᠤᠷᠠᠯ ᠢ

ᠬᠤᠷᠠᠯᠳᠤᠭᠤᠯᠤᠭᠰᠠᠨ ᠨᠢ ᠡᠯ᠎ᠡ ᠰᠠᠯᠠᠭ᠎ᠠ ᠮᠥᠴᠢᠷ ᠤᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂

ᠪᠥᠬᠦ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠥᠷᠨᠢᠭᠦᠯᠬᠦ ᠳᠤ ᠪᠠᠲᠤ

ᠪᠠᠬᠢ ᠰᠠᠭᠤᠷᠢ ᠶᠢ ᠲᠠᠯᠪᠢᠵᠤ ᠥᠭᠴᠡᠶ᠃ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠬᠤᠸᠠᠳᠧ

ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠨᠡᠩ ᠶᠡᠭᠡ ᠰᠢᠨ᠎ᠡ ᠦᠷ᠎ᠡ ᠪᠦᠲᠦᠮᠵᠢ ᠣᠯᠵᠤ᠂

ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ

ᠢᠲᠡᠭᠡᠵᠦ ᠪᠠᠶᠢᠨ᠎ᠠ ᠭᠡᠵᠡᠢ᠃

    ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠤᠬᠠᠭᠤᠯᠬᠤ ᠬᠡᠯᠲᠡᠰ᠂ ᠳᠣᠲᠣᠭᠠᠳᠤ ᠶᠢ ᠬᠠᠮᠠᠭᠠᠯᠠᠬᠤ

ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠬᠥᠭᠵᠢᠭᠦᠯᠦᠯᠲᠡ

ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠯᠤᠰ

ᠲᠦᠷᠦ ᠶᠢᠨ ᠲᠤᠭᠠᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠤᠯᠠᠨ

ᠰᠠᠯᠠᠭ᠎ᠠ ᠮᠥᠴᠢᠷ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2