ᠬᠢᠨᠠᠨ ᠪᠤᠳᠤᠬᠤ ᠬᠦᠴᠦᠨ ᠢᠶᠠᠷ ᠰᠤᠷᠭᠠᠨ ᠬᠥᠮᠦᠵᠢᠯ ᠤᠨ ᠬᠥᠭᠵᠢᠯᠲᠡ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/3/12

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠨᠥᠬᠦᠪᠥᠷᠢ ᠪᠠᠯᠠ ᠮᠥᠩᠭᠦ ᠶᠢᠨ

ᠬᠠᠮᠢᠶᠠᠷᠤᠯᠲᠠ ᠶᠢᠨ ᠠᠷᠭ᠎ᠠ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠤᠨ

ᠳᠠᠷᠠᠭᠠᠬᠢ ᠦᠢᠯᠡᠴᠢᠯᠡᠭᠡᠨ ᠤ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠦᠨᠳᠦᠰᠦᠯᠡᠨ᠂

ᠭᠤᠷᠪᠠᠨ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠬᠦ ᠪᠠᠷ

ᠳᠠᠮᠵᠢᠭᠤᠯᠤᠨ᠂ ᠮᠠᠨ ᠤ ᠰᠢᠶᠠᠨ ᠤ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠳᠤᠭᠤᠶᠢᠯᠠᠩ ᠲᠣᠮᠢᠯᠠᠨ ᠰᠤᠷᠭᠠᠨ

ᠬᠥᠮᠦᠵᠢᠯ ᠤᠨ ᠠᠵᠢᠯ ᠲᠥᠷᠥᠯ ᠳᠤ ᠬᠢᠨᠠᠨ ᠪᠤᠳᠤᠪᠠ᠃ ᠲᠣᠰ ᠤᠳᠠᠭᠠᠨ ᠤ ᠬᠢᠨᠠᠨ ᠪᠣᠳᠣᠯᠲᠠ ᠶᠢ ᠭᠤᠤᠯᠳᠠᠭᠤ ᠪᠠᠯᠠ

ᠮᠥᠩᠭᠦ ᠶᠢᠨ ᠳᠡᠮᠵᠢᠯᠭᠡ ᠶᠢᠨ ᠬᠡᠪᠴᠢᠶ᠎ᠡ ᠵᠢᠴᠢ ᠠᠷᠭ᠎ᠠ ᠮᠠᠶ᠋ᠢᠭ ᠤᠨ ᠲᠠᠯ᠎ᠠ ᠪᠠᠷ᠂ ᠲᠥᠷᠥᠯ ᠵᠦᠢᠯ ᠢ ᠭᠤᠶᠤᠴᠢᠯᠠᠨ

ᠮᠡᠳᠡᠭᠦᠯᠬᠦ ᠵᠢᠴᠢ ᠪᠠᠯᠠ ᠮᠥᠩᠭᠦ ᠬᠤᠪᠢᠶᠠᠷᠢᠯᠠᠬᠤ ᠲᠠᠯ᠎ᠠ ᠪᠠᠷ᠂ ᠪᠠᠯᠠ ᠮᠥᠩᠭᠦ ᠰᠠᠯᠭᠠᠨ ᠥᠭᠭᠦᠭᠰᠡᠨ ᠪᠠᠶᠢᠳᠠᠯ᠂ ᠲᠥᠷᠥᠯ

ᠵᠦᠢᠯ ᠢ ᠨᠠᠶᠢᠳᠠᠪᠤᠷᠢᠵᠢᠭᠤᠯᠤᠭᠰᠠᠨ ᠵᠢᠴᠢ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ᠂ ᠠᠵᠢᠯ ᠤᠨ ᠠᠮᠵᠢᠯᠲᠠ

ᠪᠦᠲᠦᠮᠵᠢ ᠶᠢ ᠦᠨᠡᠯᠡᠬᠦ ᠵᠢᠴᠢ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠶᠠᠪᠤᠭᠳᠠᠭᠤᠯᠤᠨ᠎ᠠ᠃

    ᠲᠣᠰ ᠤᠳᠠᠭᠠᠨ ᠤ ᠬᠢᠨᠠᠨ ᠪᠤᠳᠤᠯᠲᠠ ᠪᠠᠷ ᠳᠡᠮᠵᠢᠨ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠂

ᠬᠢᠴᠢᠶᠡᠯ ᠤᠨ ᠳᠠᠷᠠᠭᠠᠬᠢ ᠦᠶ᠋ᠯᠡᠴᠢᠯᠡᠭᠡᠨ ᠤ ᠰᠦᠶ᠋ᠳᠬᠡᠯ ᠬᠤᠷᠢᠶᠠᠬᠤ᠂ ᠬᠠᠰᠤᠵᠤ ᠬᠡᠯᠲᠦᠷᠢᠭᠦᠯᠬᠦ᠂ ᠬᠡᠷᠡᠭᠯᠡᠬᠦ

ᠬᠡᠪᠴᠢᠶ᠎ᠡ ᠶᠢ ᠲᠣᠳᠣᠷᠬᠠᠶᠢᠯᠠᠵᠤ᠂ ᠬᠠᠮᠢᠶᠠᠷᠤᠯᠲᠠ ᠪᠠ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂

ᠮᠠᠨ ᠤ ᠰᠢᠶᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ

ᠨᠥᠬᠦᠴᠡᠯ ᠤᠨ ᠨᠥᠬᠦᠪᠥᠷᠢ ᠪᠠᠯᠠ ᠮᠥᠩᠭᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ

ᠳᠠᠷᠠᠭᠠᠬᠢ ᠦᠶ᠋ᠯᠡᠴᠢᠯᠡᠭᠡᠨ ᠤ ᠵᠠᠷᠤᠳᠠᠯ ᠤᠨ ᠬᠠᠮᠢᠶᠠᠷᠤᠯᠲᠠ ᠪᠠ ᠬᠡᠷᠡᠭᠯᠡᠯᠲᠡ ᠶᠢ ᠵᠢᠷᠤᠮᠵᠢᠭᠤᠯᠬᠤ ᠳᠤ ᠢᠳᠡᠪᠬᠢᠲᠡᠶ

ᠦᠶ᠋ᠯᠡᠳᠦᠯ ᠦᠵᠡᠭᠦᠯᠦᠭᠰᠡᠨ ᠪᠠᠶᠢᠨ᠎ᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2