3 ᠰᠠᠷ᠎ᠠ ᠶᠢᠨ 12 ᠤᠨ ᠡᠳᠦᠷ᠂ ᠰᠢᠤᠸᠠᠢ ᠹᠧᠩ ᠴᠢᠩ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ 10 ᠳ᠋ᠤᠭᠠᠷ ᠤᠳᠠᠭᠠᠨ ᠤ ᠬᠤᠷᠠᠯ ᠵᠢᠴᠢ | ᠰᠢᠶᠠᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ | ᠤᠳᠠᠭᠠᠨ ᠤ ᠬᠤᠷᠠᠯ᠂ ᠰᠢᠶᠠᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠨᠢᠭᠡᠳᠦᠭᠡᠷ ᠤᠳᠠᠭᠠᠨ ᠤ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ | ᠭᠡᠰᠢᠭᠦᠨ᠂ ᠱᠦᠵᠢ ᠨᠡᠷ ᠤᠨ ᠭᠠᠵᠠᠷ ᠤᠨ ᠱᠦᠵᠢ ᠵᠡᠷᠭᠡ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ | ᠬᠢᠭᠰᠡᠨ ᠮᠡᠳᠡᠭᠦᠯᠦᠯᠲᠡ ᠶᠢ ᠬᠢᠨᠠᠨ ᠦᠵᠡᠬᠦ ᠦᠶ᠎ᠡ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠤᠯᠠᠮᠵᠢᠯᠠᠨ | ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ᠂ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷ᠎ᠡ ︵ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠢ ᠶᠠᠷᠢᠯᠴᠠᠬᠤ ᠬᠤᠷᠠᠯ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ︶᠂ ︽ᠠᠵᠤ ᠠᠬᠤᠢ ᠶᠢᠨ | ᠠᠵᠢᠯ ᠢ ᠡᠷᠬᠡᠪᠰᠢ ᠬᠡᠳᠦᠨ ᠬᠤᠣᠰ ᠴᠢᠬᠤᠯᠠ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠬᠦ ᠲᠤᠬᠠᠢ︾᠂ ︽ᠮᠥᠩᠭᠦᠨ | ᠭᠦᠢᠯᠭᠡᠭᠡᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠰᠠᠨᠠᠯ︾᠂ ︽ᠰᠦᠨ ᠱᠤᠤ ᠴᠧᠩ᠂ ᠯᠢᠦ ᠱᠤᠸᠠᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠠ ᠬᠤᠷᠠᠯ | ᠳᠡᠭᠡᠷᠡᠬᠢ ᠶᠠᠷᠢᠶ᠎ᠠ ᠪᠠ ᠢᠯᠡᠳᠬᠡᠯ︾ ᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ︽ᠰᠢᠨ᠎ᠡ ᠴᠠᠭ ᠦᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠰᠠᠨᠠᠯ︾᠂ ︽︿ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ | ︵2025-2027 ᠣᠨ︶ ᠶᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠨ ᠰᠤᠷᠤᠯᠴᠠᠪᠠ᠃ ︽2024 ᠣᠨ ᠤ ᠬᠢᠨᠠᠨ | ᠪᠤᠳᠤᠬᠤ ᠵᠥᠪᠯᠡᠯ ᠤᠨ ᠠᠵᠢᠯ ᠤᠨ ᠳ᠋ᠦᠩᠨᠡᠯᠲᠡ ᠪᠠ 2025 ᠣᠨ ᠤ ᠠᠵᠢᠯ ᠤᠨ ᠭᠤᠤᠯᠳᠠᠯᠭ᠎ᠠ︾᠂ ︽ᠬᠤᠸᠠᠳᠧ | ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ 2025 ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ | ︵ᠬᠢᠨᠠᠨ ᠵᠥᠪᠯᠡᠬᠦ ᠨᠣᠤᠷᠠᠭ︶︾ ᠶᠢ ᠬᠢᠨᠠᠨ ᠵᠥᠪᠯᠡᠵᠦ᠂ ︽2025 ᠣᠨ ᠤ ᠪᠠᠯᠠ ᠮᠥᠩᠭᠦ ᠶᠢ ᠵᠣᠯᠭᠠᠭᠤᠯᠬᠤ ᠵᠢᠴᠢ | ᠪᠡᠭᠡᠵᠢᠩ ᠥᠪᠥᠷ ᠮᠣᠩᠭᠤᠯ ᠤᠨ ᠪᠠᠯᠠ ᠮᠥᠩᠭᠦ ᠶᠢᠨ ᠲᠥᠷᠥᠯ ᠵᠦᠢᠯ ᠤᠨ ᠲᠣᠬᠢᠷᠠᠭᠤᠯᠤᠯᠲᠠ︾ ᠶᠢ ᠰᠤᠳᠤᠯᠵᠤ᠂ | ᠤᠯᠠᠭᠠᠨᠴᠠᠪ ᠬᠤᠲᠠ ᠶᠢᠨ ᠺᠠᠳ᠋ᠷ ᠢ ᠰᠣᠩᠭᠤᠨ ᠲᠣᠮᠢᠯᠠᠵᠤ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠤᠭᠰᠠᠨ | ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠃ | ᠬᠤᠷᠠᠯ ᠠᠴᠠ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠰᠢᠯᠵᠢᠯᠲᠡ ᠶᠢᠨ ᠬᠤᠭᠤᠴᠠᠭᠠᠨ ᠤ ᠡᠴᠦᠰ ᠤᠨ ᠨᠢᠭᠡ ᠵᠢᠯ ᠪᠣᠯᠤᠨ᠎ᠠ᠃ ᠡᠯ᠎ᠡ ᠰᠢᠶᠠᠩ ᠪᠠᠯᠭᠠᠰᠤ᠂ ᠡᠯ᠎ᠡ | ᠰᠠᠯᠠᠭ᠎ᠠ ᠮᠥᠴᠢᠷ ᠡᠷᠬᠡᠪᠰᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ | ᠪᠠᠷᠢᠮᠲᠠᠯᠠᠵᠤ᠂ 2025 ᠣᠨ ᠤ ᠪᠠᠯᠠ ᠮᠥᠩᠭᠦ ᠶᠢ ᠵᠣᠯᠭᠠᠭᠤᠯᠬᠤ ᠪᠠᠯᠠ ᠮᠥᠩᠭᠦ ᠵᠢᠴᠢ ᠪᠡᠭᠡᠵᠢᠩ ᠥᠪᠥᠷ | ᠮᠣᠩᠭᠤᠯ ᠤᠨ ᠪᠠᠯᠠ ᠮᠥᠩᠭᠦ ᠶᠢᠨ ᠲᠥᠷᠥᠯ ᠵᠦᠶ᠋ᠯ ᠢ ᠤᠷᠤᠭᠰᠢᠲᠠᠶ ᠥᠨᠳᠥᠷ ᠪᠦᠲᠦᠮᠵᠢᠲᠡᠶ ᠪᠠᠷ ᠬᠡᠷᠡᠭᠵᠢᠭᠦᠯᠬᠦ ᠶᠢ | ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠬᠢᠨᠠᠨ ᠪᠤᠳᠤᠬᠤ ᠰᠠᠯᠠᠭ᠎ᠠ ᠮᠥᠴᠢᠷ ᠤᠳ ᠬᠢᠨᠠᠨ ᠪᠤᠳᠤᠬᠤ ᠶᠠᠰᠤ | ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ | ᠭᠤᠤᠯᠳᠠᠯᠭ᠎ᠠ ᠲᠠᠢ ᠲᠥᠷᠥᠯ ᠵᠦᠢᠯ ᠪᠠ ᠭᠤᠤᠯᠳᠠᠯᠭ᠎ᠠ ᠲᠠᠢ ᠪᠠᠯᠠ ᠮᠥᠩᠭᠦ ᠶᠢ ᠬᠢᠨᠠᠨ ᠪᠤᠳᠤᠵᠤ ᠬᠢᠨᠠᠯᠲᠠ | ᠲᠠᠯᠪᠢᠬᠤ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ | ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ | ᠺᠠᠳ᠋ᠷ ᠤᠨ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ︔ ᠰᠢᠶᠠᠨ ᠤ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ ᠤᠨ ᠡᠷᠬᠢᠯᠡᠭᠴᠢ᠂ ︽ᠬᠤᠶᠠᠷ ᠠᠯᠪᠠᠨ ᠬᠡᠷ︾ ᠤᠨ ᠬᠠᠮᠢᠶ᠎ᠠ | ᠪᠥᠬᠦᠶ ᠳᠡᠳ᠋ ᠡᠷᠬᠢᠯᠡᠭᠴᠢ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠡᠳ᠋ ᠤᠨ ᠵᠠᠰᠠᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |