2025 ᠣᠨ ᠳᠤ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠢᠷᠭᠤᠭᠠᠨ ᠵᠦᠶ᠋ᠯ ᠤᠨ | ᠠᠷᠭ᠎ᠠ ᠬᠡᠮᠵᠢᠶ᠎ᠡ ᠠᠪᠴᠤ᠂ ᠭᠠᠵᠠᠷ ᠬᠡᠷᠡᠭᠯᠡᠬᠦ ᠦᠶ᠋ᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠪᠠ᠃ | ᠨᠢᠭᠡ ᠳᠤ᠂ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠭᠤᠤᠯᠳᠠᠯᠭ᠎ᠠ ᠲᠠᠢ | ᠲᠥᠷᠥᠯ ᠵᠦᠢᠯ ᠤᠨ ᠮᠡᠳᠡᠭᠡ ᠵᠠᠩᠭᠢ ᠶᠢᠨ ᠬᠥᠮᠥᠷᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠤᠭᠤᠴᠠᠭ᠎ᠠ | ᠬᠤᠪᠢᠶᠠᠨ ᠲᠥᠯᠥᠪᠯᠡᠭᠡ ᠪᠠᠭᠤᠯᠭᠠᠬᠤ᠂ ᠬᠤᠭᠤᠴᠠᠭ᠎ᠠ ᠬᠤᠪᠢᠶᠠᠨ ᠭᠠᠵᠠᠷ ᠬᠠᠩᠭᠠᠬᠤ ᠵᠡᠷᠭᠡ ᠪᠠᠲᠤᠯᠠᠭ᠎ᠠ ᠶᠢᠨ ᠠᠷᠭ᠎ᠠ | ᠮᠠᠶ᠋ᠢᠭ ᠢ ᠰᠤᠳᠤᠯᠤᠨ ᠰᠦᠪᠡᠭᠴᠢᠯᠡᠵᠦ᠂ ᠴᠢᠬᠤᠯᠠ ᠶᠡᠭᠡ ᠲᠥᠷᠥᠯ ᠵᠦᠢᠯ ᠢ ᠲᠣᠭᠲᠠᠮᠠᠯ ᠬᠤᠭᠤᠴᠠᠭ᠎ᠠ ᠲᠠᠢ ᠪᠠᠷ | ᠨᠡᠪᠲᠡᠷᠡᠭᠦᠯᠬᠦ ᠳᠦᠷᠢᠮ ᠢ ᠪᠠᠶᠢᠭᠤᠯᠬᠤ ᠬᠡᠷᠡᠭᠲᠡᠶ᠃ | ᠬᠤᠶᠠᠷ ᠲᠤ᠂ ᠭᠠᠵᠠᠷ ᠰᠢᠷᠣᠶ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠪᠡ᠃ ᠪᠦᠬᠦ | ᠰᠢᠶᠠᠨ ᠤ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠥᠷᠥᠯ ᠵᠦᠢᠯ ᠢ ᠭᠤᠣᠯᠳᠠᠯᠭ᠎ᠠ ᠲᠠᠢ ᠪᠠᠲᠤᠯᠠᠨ᠎ᠠ᠃ ᠪᠦᠬᠦ | ᠰᠢᠶᠠᠨ ᠤ ᠭᠤᠣᠯᠳᠠᠯᠭ᠎ᠠ ᠲᠠᠢ ᠪᠠᠷᠢᠯᠭ᠎ᠠ ᠶᠢᠨ ᠲᠥᠷᠥᠯ ᠵᠦᠢᠯ ᠳᠤ ᠮᠥᠷᠳᠡᠨ ᠬᠠᠮᠢᠶᠠᠷᠬᠤ ᠠᠵᠢᠯ ᠥᠷᠨᠢᠭᠦᠯᠦᠨ᠎ᠡ᠃ | ᠭᠤᠷᠪᠠ ᠳᠤ᠂ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠡᠷᠡᠭᠯᠡᠬᠦ ᠭᠠᠵᠠᠷ ᠢ | ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠬᠦᠯᠢᠶᠡᠬᠦ | ᠦᠭᠡᠢ᠂ ᠲᠦᠰᠢᠭᠯᠡᠬᠦ ᠦᠭᠡᠢ᠂ ᠲᠦᠯᠬᠢᠯᠴᠡᠬᠦ ᠦᠭᠡᠢ ᠪᠠᠶᠢᠬᠤ ᠶᠢ ᠪᠡᠶᠡᠯᠡᠭᠦᠯᠦᠨ᠎ᠡ᠃ ᠰᠠᠭᠤᠷᠢ ᠪᠡᠯᠡᠳᠬᠡᠮᠵᠢ ᠶᠢᠨ | ᠲᠥᠷᠥᠯ ᠵᠦᠢᠯ ᠤᠨ ᠭᠤᠤᠯᠳᠠᠯᠭ᠎ᠠ ᠲᠠᠢ ᠪᠠᠷᠢᠯᠭ᠎ᠠ ᠶᠢᠨ ᠲᠥᠷᠥᠯ ᠵᠦᠢᠯ᠂ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠬᠢᠭᠡᠳ ᠭᠤᠤᠯᠳᠠᠯᠭ᠎ᠠ ᠲᠠᠢ ᠪᠠᠷᠢᠯᠭ᠎ᠠ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠦᠨᠡᠨᠬᠦ ᠪᠠᠲᠤᠯᠠᠨ᠎ᠠ᠃ | ᠳᠥᠷᠪᠡ ᠳᠤ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠥᠷᠥᠯ | ᠵᠦᠶ᠋ᠯ ᠤᠨ ᠬᠥᠮᠥᠷᠭᠡ ᠶᠢᠨ ᠲᠥᠷᠥᠯ ᠵᠦᠶ᠋ᠯ ᠵᠢᠴᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠳᠠᠬᠢᠨ | ᠬᠠᠭᠠᠯᠪᠤᠷᠢᠯᠠᠬᠤ ᠲᠥᠷᠥᠯ ᠵᠦᠶ᠋ᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ | ᠬᠠᠷᠠᠯᠲᠠ ᠶᠢᠨ ᠡᠭᠦᠷᠭᠡ ᠶᠢ ᠱᠠᠲᠤ ᠱᠠᠲᠤ ᠪᠠᠷ ᠬᠤᠪᠢᠶᠠᠷᠢᠯᠠᠵᠤ᠂ ᠣᠨ ᠤ ᠬᠠᠷᠠᠯᠲᠠ ᠶᠢᠨ ᠬᠢᠨᠠᠨ ᠰᠢᠯᠭᠠᠯᠲᠠ ᠳᠤ | ᠣᠷᠣᠭᠤᠯᠤᠨ᠎ᠠ᠃ | ᠲᠠᠪᠤ ᠳᠤ ᠭᠠᠵᠠᠷ ᠰᠢᠷᠣᠶ ᠶᠢ ᠠᠷᠪᠢᠲᠠᠶ ᠪᠥᠭᠡᠳ ᠳᠣᠷᠪᠢᠯᠢᠭ ᠢᠶᠠᠷ ᠬᠡᠷᠡᠭᠯᠡᠬᠦ ᠶᠢ ᠨᠡᠩ ᠥᠨᠳᠥᠷ ᠳᠠᠪᠬᠤᠷᠭ᠎ᠠ ᠪᠠᠷ | ᠲᠦᠯᠬᠢᠨ ᠠᠬᠢᠭᠤᠯᠤᠨ᠎ᠠ᠃ ᠦᠯᠡᠳᠡᠭᠡᠯ ᠭᠠᠵᠠᠷ ᠰᠢᠷᠣᠶ ᠶᠢᠨ ᠲᠥᠯᠥᠪᠯᠡᠭᠡ ᠪᠣᠯᠤᠨ ᠣᠨ ᠤ ᠰᠢᠨ᠎ᠡ ᠪᠠᠷ ᠨᠡᠮᠡᠭᠳᠡᠭᠰᠡᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢ ᠠᠮᠢᠳᠤᠯᠢᠭᠵᠢᠭᠤᠯᠵᠤ᠂ ᠵᠥᠪᠰᠢᠶᠡᠷᠡᠭᠰᠡᠨ | ᠪᠠᠶᠢᠲᠠᠯ᠎ᠠ ᠬᠡᠷᠡᠭᠯᠡᠭᠡᠳᠦᠶ ᠭᠠᠵᠠᠷ ᠰᠢᠷᠣᠶ ᠶᠢ ᠲᠣᠬᠢᠷᠠᠭᠤᠯᠤᠨ ᠠᠮᠢᠳᠤᠯᠢᠭᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | | ᠵᠢᠷᠭᠤᠭ᠎ᠠ ᠳᠤ ᠭᠠᠵᠠᠷ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ | ᠲᠥᠯᠥᠪᠵᠢᠭᠦᠯᠭᠡ ᠶᠢ ᠵᠣᠯᠭᠠᠭᠤᠯᠬᠤ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠭᠠᠵᠠᠷ ᠬᠡᠷᠡᠭᠯᠡᠬᠦ ᠶᠢ | ᠮᠡᠳᠡᠭᠦᠯᠦᠨ ᠵᠥᠪᠰᠢᠶᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠭᠠᠵᠠᠷ ᠬᠡᠷᠡᠭᠯᠡᠬᠦ | ᠵᠣᠬᠢᠶᠠᠨ ᠪᠠᠶᠢᠭᠤᠯᠤᠯᠲᠠ ᠶᠢᠨ ᠳᠡᠭᠡᠭᠰᠢ ᠮᠡᠳᠡᠭᠦᠯᠬᠦ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠬᠡᠷᠡᠭᠲᠡᠶ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |