ᠳ᠋ᠢᠶᠤᠤ ᠴᠦᠨ ᠬᠠᠶ 2025 ᠣᠨ ᠤ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13

    3 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠰᠢᠶᠠᠨ ᠤ ᠳᠠᠷᠤᠭ᠎ᠠ ᠳ᠋ᠢᠶᠤᠤ ᠴᠦᠨ ᠬᠠᠶ 2025 ᠣᠨ ᠤ ᠰᠢᠶᠠᠨ ᠤ ᠵᠠᠰᠠᠭ ᠤᠨ ᠣᠷᠳᠣᠨ ᠤ ᠨᠠᠮ ᠤᠨ

ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ

ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ

ᠬᠤᠷᠠᠯᠳᠤᠭᠤᠯᠪᠠ᠃

    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ

ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ

ᠵᠣᠷᠢᠭ ᠰᠠᠨᠠᠭ᠎ᠠ᠂ ᠴᠢᠬᠤᠯᠠ ᠵᠣᠬᠢᠶᠠᠯ ︽ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠬᠤᠣᠰ ᠴᠢᠬᠤᠯᠠ

ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠬᠦ︾ ᠵᠢᠴᠢ ᠶᠡᠷᠦᠩᠬᠡᠢ ᠰᠠᠶᠢᠳ ᠯᠢ ᠴᠢᠶᠠᠩ ᠶᠡᠷᠦᠩᠬᠡᠢ ᠰᠠᠶᠢᠳ ᠤᠨ

ᠬᠢᠭᠰᠡᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠤᠯᠠᠮᠵᠢᠯᠠᠨ ᠰᠤᠷᠤᠯᠴᠠᠪᠠ᠃

    ᠬᠤᠷᠠᠯ ᠠᠴᠠ ᠮᠠᠨ ᠤ ᠰᠢᠶᠠᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ

ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ᠃

    ᠬᠤᠷᠠᠯ ᠠᠴᠠ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ

ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ

ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠠᠴᠢᠮ ᠪᠠᠶᠢᠳᠠᠯ ᠢ

ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ

ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠠᠴᠢᠮ ᠪᠠᠶᠢᠳᠠᠯ ᠢ ᠠᠷᠭᠠᠴᠠᠭᠠᠬᠤ

ᠬᠠᠮᠢᠶᠠᠷᠤᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ

ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠮᠤᠷ ᠲᠦᠪᠰᠢᠨ ᠬᠥᠭᠵᠢᠯᠲᠡ ᠶᠢᠨ

ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ

ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ

ᠨᠡᠶᠢᠭᠡᠮ ᠤᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ︽ᠵᠠᠰᠠᠭ ᠤᠨ ᠣᠷᠳᠣᠨ ᠤ

ᠠᠵᠢᠯ ᠤᠨ ᠢᠯᠡᠳᠬᠡᠯ︾ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠵᠠᠰᠠᠭ ᠤᠨ ᠣᠷᠳᠣᠨ ᠤ

ᠠᠵᠢᠯ ᠤᠨ ᠢᠯᠡᠳᠬᠡᠯ︾ ᠳᠤ ᠲᠣᠭᠲᠠᠭᠠᠭᠰᠠᠨ ᠬᠠᠷᠠᠯᠲᠠ ᠡᠭᠦᠷᠭᠡ ᠲᠠᠢ ᠬᠠᠷᠢᠴᠠᠭᠤᠯᠤᠨ᠂ ᠮᠠᠨ ᠤ ᠰᠢᠶᠠᠨ ᠤ

ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢᠨ

ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ

ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃

    ᠬᠤᠷᠠᠯ ᠠᠴᠠ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ

ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠵᠤ

ᠠᠬᠤᠢ ᠶᠢᠨ ᠠᠵᠢᠯ ᠤᠨ ᠵᠢᠮ᠎ᠡ ᠶᠣᠰᠣ ᠶᠢ ᠣᠨᠣᠪᠴᠢᠲᠠᠢ ᠡᠵᠡᠮᠳᠡᠵᠦ᠂ ᠮᠠᠨ ᠤ ᠰᠢᠶᠠᠨ ᠤ ᠪᠣᠳᠠᠲᠤ ᠪᠠᠶᠢᠳᠠᠯ ᠳᠤ

ᠰᠠᠭᠤᠷᠢᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂

ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ

ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠶ ᠶᠢᠨ ᠠᠵᠢᠯᠯᠠᠭᠠᠨ ᠢ

ᠲᠣᠬᠢᠷᠠᠭᠤᠯᠤᠨ ᠵᠠᠳᠠᠯᠬᠤ ᠪᠠᠨ ᠴᠢᠩᠭᠠᠳᠬᠠᠵᠤ᠂ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠨᠢᠭᠲᠠ ᠠᠩᠬᠠᠷᠴᠤ᠂

ᠠᠵᠤ ᠠᠬᠤᠶ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ

ᠰᠢᠢᠳᠪᠦᠷᠢᠯᠡᠵᠦ᠂ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ

ᠬᠡᠷᠡᠭᠲᠡᠶ᠃

    ᠬᠤᠷᠠᠯ ᠠᠴᠠ ᠪᠠᠰᠠ ᠪᠤᠰᠤᠳ ᠠᠵᠢᠯ ᠤᠨ ᠵᠦᠢᠯᠡᠰ ᠢ ᠰᠤᠳᠤᠯᠵᠠᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2