ᠳᠣᠯᠣᠳᠤᠭᠠᠷ ᠪᠠᠯᠭᠠᠰᠤ ᠾᠧᠪᠸᠢ᠂ ᠱᠠᠨ ᠰᠢ ᠵᠡᠷᠭᠡ ᠭᠠᠵᠠᠷ ᠲᠤ ᠬᠦᠷᠴᠦ ᠠᠮᠤ ᠪᠤᠳᠠᠭᠠᠨ ᠤ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠤᠷᠰᠢᠯᠭ᠎ᠠ ᠶᠢ ᠰᠤᠷᠤᠯᠴᠠᠨ ᠪᠠᠶᠢᠴᠠᠭᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/3/14

    ᠬᠠᠷᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠲᠡᠷᠢᠭᠦᠨ ᠤ ᠭᠠᠵᠠᠷ ᠣᠷᠣᠨ ᠤ ᠠᠮᠤ ᠪᠤᠳᠠᠭᠠᠨ ᠤ ᠠᠵᠤ

ᠦᠢᠯᠡᠰ᠂ ᠲᠠᠷᠢᠶᠠᠯᠠᠩ ᠤᠨ ᠮᠠᠰᠢᠨ ᠪᠤᠷᠳᠤᠭᠤᠷ ᠵᠡᠷᠭᠡ ᠬᠦᠷᠢᠶᠡᠨ ᠳᠠᠬᠢ ᠠᠮᠵᠢᠯᠲᠠ ᠲᠠᠢ ᠲᠤᠷᠰᠢᠯᠭ᠎ᠠ ᠪᠣᠯᠤᠨ

ᠰᠢᠨ᠎ᠡ ᠶᠢ ᠡᠭᠦᠳᠬᠦ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠲᠠᠷᠢᠮᠠᠯ ᠤᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠬᠤ ᠶᠢᠨ ᠲᠥᠯᠥᠭᠡ᠃ ᠣᠶᠢᠷ᠎ᠠ ᠳᠤ᠂ ᠳᠣᠯᠣᠳᠤᠭᠠᠷ ᠪᠠᠯᠭᠠᠰᠤ ᠠᠮᠤ ᠪᠤᠳᠠᠭᠠᠨ ᠤ ᠠᠵᠤ ᠦᠶ᠋ᠯᠡᠰ ᠤᠨ

ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠡᠰᠡᠭ ᠲᠣᠰᠬᠤᠨ ᠤ ᠨᠠᠮ ᠤᠨ ᠡᠭᠦᠷ ᠤᠨ ᠱᠦᠵᠢ᠂ ᠲᠠᠷᠢᠮᠠᠯ ᠤᠨ

ᠲᠣᠮᠣ ᠡᠷᠦᠬᠡ ᠶᠢᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠾᠧᠪᠧᠶ ᠶᠢᠨ ᠱᠢ ᠵᠢᠶᠠ ᠵᠤᠸᠠᠩ᠂ ᠱᠠᠨ ᠰᠢ ᠶᠢᠨ

ᠲᠠᠶᠢᠶᠤᠸᠠᠨ ᠵᠡᠷᠭᠡ ᠭᠠᠵᠠᠷ ᠲᠤ ᠬᠦᠷᠴᠦ 3 ᠡᠳᠦᠷ ᠤᠨ ᠬᠤᠭᠤᠴᠠᠭ᠎ᠠ ᠲᠠᠢ ᠲᠤᠬᠠᠶ ᠶᠢᠨ ᠭᠠᠵᠠᠷ ᠲᠤᠨᠢ

ᠰᠤᠷᠤᠯᠴᠠᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃

1741953187789091539.jpg

    ᠱᠠᠨ ᠰᠢ ᠶᠢᠨ ᠲᠠᠶᠢᠶᠤᠸᠠᠨ ᠶᠢᠨ ᠢ ᠺᠠᠩ ᠨᠠᠷᠢᠮᠤ ᠠᠮᠤ ᠶᠢᠨ ᠪᠣᠳᠠᠰ ᠤᠨ ᠪᠤᠰᠤ ᠰᠣᠶᠣᠯ ᠤᠨ ᠥᠪ ᠤᠨ ᠠᠵᠤ

ᠠᠬᠤᠶᠢᠯᠠᠯ ᠳᠤ᠂ ᠰᠢᠨᠵᠢᠯᠡᠨ ᠪᠠᠶᠢᠴᠠᠭᠠᠬᠤ ᠪᠦᠯᠬᠦᠮ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂

ᠣᠳᠣᠬᠢᠴᠢᠯᠠᠭᠰᠠᠨ ᠦᠢᠯᠡᠳᠪᠦᠷᠢᠯᠡᠯ ᠤᠨ ᠲᠥᠬᠦᠭᠡᠷᠦᠮᠵᠢ ᠪᠣᠯᠤᠨ ᠴᠢᠩᠭ᠎ᠠ ᠨᠢᠮᠪᠠᠶ ᠦᠢᠯᠡᠳᠪᠦᠷᠢᠯᠡᠯ ᠤᠨ ᠶᠠᠪᠤᠴᠠ ᠶᠢ

ᠲᠣᠭᠤᠷᠢᠨ ᠦᠵᠡᠪᠡ᠃ ᠲᠤᠰ ᠠᠵᠤ ᠠᠬᠤᠶᠢᠯᠠᠯ ᠨᠢ ᠨᠠᠷᠢᠮᠤ ᠶᠢᠨ ᠲᠠᠷᠢᠬᠤ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ

ᠴᠤᠭᠴᠠᠵᠢᠭᠤᠯᠤᠨ ᠬᠥᠭᠵᠢᠭᠦᠯᠬᠦ ᠲᠠᠯ᠎ᠠ ᠪᠠᠷ ᠲᠤᠪᠤᠶᠢᠮ᠎ᠠ ᠠᠮᠵᠢᠯᠲᠠ ᠣᠯᠵᠤ᠂ ᠰᠢᠨᠵᠢᠯᠡᠨ ᠪᠠᠶᠢᠴᠠᠭᠠᠬᠤ

ᠪᠦᠯᠬᠦᠮ ᠤᠨ ᠬᠢᠨ ᠨᠠᠷᠢᠮᠤ ᠶᠢᠨ ᠲᠦᠷᠦᠯ ᠵᠦᠢᠯ ᠢ ᠰᠣᠩᠭᠤᠨ ᠪᠤᠶᠢᠵᠢᠭᠤᠯᠬᠤ᠂ ᠲᠠᠷᠢᠮᠠᠯ ᠤᠨ ᠬᠠᠮᠢᠶᠠᠷᠤᠯᠲᠠ᠂

ᠲᠦᠷᠦᠯ ᠲᠡᠮᠳᠡᠭ ᠤᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠲᠠᠯ᠎ᠠ ᠶᠢᠨ

ᠠᠮᠵᠢᠯᠲᠠ ᠲᠠᠢ ᠲᠤᠷᠰᠢᠯᠭ᠎ᠠ ᠶᠢ ᠨᠠᠷᠢᠨ ᠣᠶᠢᠯᠠᠭᠠᠪᠠ᠃

1741953187880078796.png

    ᠾᠧᠪᠸᠢ ᠶᠢᠨ ᠱᠢ ᠵᠢᠶᠠ ᠵᠤᠸᠠᠩ ᠶᠢᠨ ᠨᠡᠷᠡᠨ ᠠᠮᠢᠳᠤ ᠪᠣᠳᠠᠰ ᠤᠨ ᠣᠷᠭᠠᠨᠢᠭ ᠪᠤᠷᠳᠤᠭᠤᠷ ᠤᠨ ᠺᠣᠮᠫᠠᠨᠢ ᠳᠤ᠂

ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠰᠢᠨ᠎ᠡ ᠬᠡᠯᠪᠡᠷᠢ ᠶᠢᠨ ᠪᠤᠷᠳᠤᠭᠤᠷ ᠢ ᠰᠤᠳᠤᠯᠤᠨ ᠨᠡᠭᠡᠭᠡᠬᠦ᠂

ᠦᠢᠯᠡᠳᠪᠦᠷᠢᠯᠡᠬᠦ ᠤᠷ᠎ᠠ ᠮᠡᠷᠭᠡᠰᠢᠯ ᠵᠢᠴᠢ ᠲᠠᠷᠢᠶᠠᠯᠠᠩ ᠤᠨ ᠦᠢᠯᠡᠳᠪᠦᠷᠢᠯᠡᠯ ᠳᠠᠬᠢ ᠬᠡᠷᠡᠭᠯᠡᠯᠲᠡ ᠶᠢᠨ ᠦᠷ᠎ᠡ

ᠪᠦᠲᠦᠮᠵᠢ ᠶᠢ ᠭᠤᠣᠯᠳᠠᠯᠭ᠎ᠠ ᠲᠠᠢ ᠲᠣᠭᠤᠷᠢᠨ ᠦᠵᠡᠪᠡ᠃ ᠠᠵᠤ ᠠᠬᠤᠶᠢᠯᠠᠯ ᠤᠳ ᠪᠣᠬᠢᠷᠲᠤᠯ ᠥᠬᠡᠶ ᠣᠷᠴᠢᠨ

ᠲᠣᠭᠤᠷᠢᠨ ᠢ ᠬᠠᠮᠠᠭᠠᠯᠠᠬᠤ᠂ ᠥᠨᠳᠥᠷ ᠦᠷ᠎ᠡ ᠪᠦᠲᠦᠮᠵᠢᠲᠡᠶ ᠠᠯᠭᠤᠷ ᠲᠠᠶᠢᠯᠬᠤ ᠪᠣᠷᠲᠣᠭᠤᠷ ᠰᠤᠳᠤᠯᠤᠨ ᠨᠡᠭᠡᠭᠡᠬᠦ ᠳᠤ

ᠠᠩᠬᠠᠷᠤᠯ ᠢᠶᠠᠨ ᠲᠥᠪᠯᠡᠷᠡᠭᠦᠯᠵᠦ᠂ ᠠᠳᠠᠯᠢ ᠪᠤᠰᠤ ᠬᠥᠷᠥᠰᠥ ᠰᠢᠷᠣᠶ ᠶᠢᠨ ᠨᠥᠬᠦᠴᠡᠯ ᠪᠠ ᠲᠠᠷᠢᠮᠠᠯ ᠤᠨ ᠬᠡᠷᠡᠭᠴᠡᠭᠡ

ᠱᠠᠭᠠᠷᠳᠠᠯᠭ᠎ᠠ ᠶᠢ ᠦᠨᠳᠦᠰᠦᠯᠡᠨ᠂ ᠥᠪᠡᠷᠮᠢᠴᠡ ᠪᠤᠷᠳᠤᠭᠤᠷ ᠣᠷᠣᠭᠤᠯᠬᠤ ᠲᠥᠰᠦᠯ ᠢ ᠬᠠᠩᠭᠠᠵᠤ᠂ ᠪᠤᠷᠳᠤᠭᠤᠷ ᠢ

ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠣᠷᠴᠢᠨ ᠲᠣᠭᠤᠷᠢᠨ ᠢ ᠬᠠᠮᠠᠭᠠᠯᠠᠬᠤ ᠬᠠᠷᠠᠯᠲᠠ ᠶᠢ ᠪᠡᠶᠡᠯᠡᠭᠦᠯᠦᠨ᠎ᠡ᠃

    ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠰᠢᠨᠵᠢᠯᠡᠨ ᠪᠠᠶᠢᠴᠠᠭᠠᠬᠤ ᠪᠦᠯᠬᠦᠮ ᠤᠨ ᠭᠡᠰᠢᠭᠦᠳ ᠲᠤᠰ

ᠤᠳᠠᠭ᠎ᠠ ᠶᠢᠨ ᠰᠤᠷᠤᠯᠴᠠᠯᠭ᠎ᠠ ᠰᠢᠨᠵᠢᠯᠡᠨ ᠪᠠᠶᠢᠴᠠᠭᠠᠯᠲᠠ ᠶᠢᠨ ᠣᠯᠤᠭᠰᠠᠨ ᠠᠮᠵᠢᠯᠲᠠ ᠪᠦᠲᠦᠮᠵᠢ ᠪᠠᠨ ᠨᠠᠷᠢᠨ

ᠬᠢᠨᠠᠮᠠᠭᠠᠢ ᠳ᠋ᠦᠩᠨᠡᠵᠦ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠣᠷᠣᠭᠰᠠᠨ ᠲᠡᠷᠢᠭᠦᠨ ᠤ

ᠲᠤᠷᠰᠢᠯᠭ᠎ᠠ ᠪᠣᠯᠤᠨ ᠮᠡᠷᠭᠡᠵᠢᠯ ᠢᠶᠠᠨ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠬᠡᠷᠡᠭᠲᠡᠢ

ᠭᠡᠵᠦ ᠢᠯᠡᠳᠬᠡᠵᠡᠭᠡᠪᠡ᠃

    ᠳᠠᠷᠠᠭᠠᠴᠢ ᠶᠢᠨ ᠠᠯᠬᠤᠮ ᠳᠤ᠂ ᠳᠣᠯᠣᠳᠤᠭᠠᠷ ᠪᠠᠯᠭᠠᠰᠤ ᠰᠢᠨᠵᠢᠯᠡᠨ ᠪᠠᠶᠢᠴᠠᠭᠠᠬᠤ ᠠᠵᠤ ᠠᠬᠤᠶᠢᠯᠠᠯ ᠲᠠᠢ

ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠢᠳᠡᠪᠬᠢᠲᠡᠢ ᠡᠷᠢᠯᠬᠢᠯᠡᠵᠦ᠂

ᠠᠮᠤ ᠪᠤᠳᠠᠭᠠᠨ ᠤ ᠠᠵᠤ ᠦᠢᠯᠡᠰ ᠤᠨ ᠲᠦᠷᠦᠯ ᠵᠦᠢᠯ ᠢ ᠰᠢᠯᠢᠳᠡᠭᠵᠢᠭᠦᠯᠬᠦ᠂ ᠲᠦᠷᠦᠯ ᠲᠡᠮᠳᠡᠭ ᠢ ᠡᠭᠦᠳᠬᠦ᠂

ᠦᠢᠯᠡᠳᠬᠦᠨ ᠢ ᠨᠠᠷᠢᠯᠢᠭ ᠡᠳ᠋ᠰᠢᠭᠦᠯᠬᠦ᠂ ᠵᠠᠬ᠎ᠠ ᠳᠡᠯᠭᠡᠭᠦᠷ ᠢ ᠥᠷᠭᠡᠳᠬᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ

ᠪᠣᠯᠬᠤ ᠶᠢ ᠠᠬᠢᠭᠤᠯᠵᠤ᠂ ᠠᠮᠤ ᠪᠤᠳᠠᠭᠠᠨ ᠤ ᠠᠵᠤ ᠦᠢᠯᠡᠰ ᠤᠨ ᠬᠡᠯᠬᠢᠶ᠎ᠡ ᠶᠢᠨ ᠪᠦᠷᠢᠨ ᠪᠦᠲᠦᠨ ᠪᠢᠲᠡᠭᠦᠮᠵᠢᠯᠡᠭᠰᠡᠨ

ᠪᠠᠶᠢᠳᠠᠯ ᠢ ᠪᠡᠶᠡᠯᠡᠭᠦᠯᠦᠨ᠎ᠡ᠃ ᠡᠭᠦᠨ ᠤ ᠬᠠᠮᠲᠤ᠂ ᠠᠯᠲᠠᠨ ᠨᠡᠷᠡᠨ ᠺᠣᠮᠫᠠᠨᠢ ᠶᠢᠨ ᠵᠠᠭᠪᠤᠷ ᠢᠶᠠᠷ ᠲᠣᠯᠢ ᠪᠣᠯᠭᠠᠵᠤ᠂

ᠪᠤᠷᠳᠤᠭᠤᠷ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠨᠠᠷ ᠰᠠᠶᠢᠲᠠᠢ

ᠪᠤᠷᠳᠤᠭᠤᠷ ᠤᠨ ᠦᠢᠯᠡᠳᠬᠦᠨ ᠪᠣᠯᠤᠨ ᠲᠡᠷᠢᠭᠦᠨ ᠤ ᠪᠤᠷᠳᠤᠭᠤᠷ ᠤᠨ ᠤᠢᠢᠯᠠᠭᠠᠭᠳᠠᠬᠤᠨ ᠢ ᠣᠷᠣᠭᠤᠯᠤᠨ ᠠᠪᠴᠢᠷᠠᠬᠤ

ᠪᠣᠯᠤᠨ᠎ᠠ᠃ ᠲᠠᠷᠢᠶᠠᠯᠠᠩ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠴᠢᠨ

ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠪᠤᠷᠳᠤᠭᠤᠷ ᠣᠷᠣᠭᠤᠯᠬᠤ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ

ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ

ᠪᠣᠯᠤᠨ ᠤᠨᠠᠯᠲᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ

ᠨᠡᠮᠡᠷᠢᠯᠡᠨ᠎ᠡ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2