ᠲᠠᠷᠢᠶᠠᠨ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠭᠠᠵᠠᠷ ᠬᠡᠷᠡᠭᠯᠡᠬᠦ ᠶᠢᠨ | ᠬᠦᠴᠢᠷ ᠠᠰᠠᠭᠤᠳᠠᠯ ᠢ ᠢᠳᠡᠪᠬᠢᠲᠡᠢ ᠰᠢᠢᠳᠪᠦᠷᠢᠯᠡᠬᠦ ᠶᠢᠨ ᠲᠥᠯᠥᠭᠡ᠂ ᠮᠠᠨ ᠤ ᠰᠢᠶᠠᠨ ᠤ ᠲᠠᠷᠢᠶᠠᠨ ᠭᠠᠵᠠᠷ ᠤᠨ | ᠶᠡᠷᠦᠩᠬᠡᠢ ᠬᠡᠮᠵᠢᠶ᠎ᠡ ᠶᠢ ᠪᠠᠭᠠᠰᠬᠠᠬᠤ ᠦᠭᠡᠢ᠂ ᠬᠡᠷᠡᠭᠯᠡᠯᠲᠡ ᠶᠢ ᠬᠤᠪᠢᠷᠠᠭᠤᠯᠬᠤ ᠦᠭᠡᠢ᠂ ᠶᠠᠰᠤ ᠴᠢᠨᠠᠷ ᠢ ᠪᠠᠭᠤᠷᠠᠭᠤᠯᠬᠤ | ᠦᠭᠡᠢ ᠪᠠᠶᠢᠬᠤ ᠶᠢ ᠪᠠᠲᠤᠯᠠᠪᠠ᠃ 2025 ᠣᠨ ᠳᠤ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠪᠣᠬᠢᠷᠲᠤᠯ ᠦᠭᠡᠢ ᠣᠶᠢᠯᠠᠭᠠᠭᠳᠠᠬᠤᠨ ᠢᠶᠠᠷ ᠲᠠᠷᠢᠶᠠᠨ ᠭᠠᠵᠠᠷ ᠢ ᠬᠠᠮᠠᠭᠠᠯᠠᠬᠤ ᠶᠢ ᠬᠥᠲᠥᠯᠥᠨ | ᠳᠠᠭᠠᠭᠤᠯᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠡᠷᠡᠭ ᠪᠠᠶᠢᠪᠠᠯ ᠵᠠᠪᠠᠯ | ᠪᠠᠶᠢᠴᠠᠭᠠᠵᠤ᠂ ᠬᠠᠤᠯᠢ ᠠᠴᠠ ᠵᠥᠷᠢᠴᠡᠪᠡᠯ ᠵᠠᠪᠠᠯ ᠨᠡᠬᠡᠮᠵᠢᠯᠡᠬᠦ ᠶᠢ ᠢᠮᠠᠭᠲᠠ ᠪᠡᠶᠡᠯᠡᠭᠦᠯᠵᠦ᠂ ᠲᠠᠷᠢᠶᠠᠨ ᠭᠠᠵᠠᠷ ᠢ | ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠬᠤ | ᠬᠡᠷᠡᠭᠲᠡᠢ᠃ | ᠨᠢᠭᠡ ᠳᠤ᠂ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠭᠤᠷᠪᠠ ᠶᠢ ᠨᠢᠭᠡ ᠴᠣᠭᠴᠠᠵᠢᠭᠤᠯᠤᠭᠰᠠᠨ | ᠬᠠᠮᠢᠶᠠᠷᠤᠯᠲᠠ᠃ ᠲᠤᠭ᠎ᠠ ᠬᠡᠮᠵᠢᠶ᠎ᠡ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠠᠯ᠎ᠠ ᠪᠠᠷ᠂ ᠲᠣᠰ ᠲᠣᠪᠴᠢᠶ᠎ᠠ ᠲᠠᠷᠢᠶᠠᠨ | ᠭᠠᠵᠠᠷ ᠤᠨ ᠡᠬᠢ ᠪᠠᠶᠠᠯᠢᠭ ᠤᠨ ︽ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ︾ ᠪᠠ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ︽ᠶᠠᠰᠤ ᠴᠢᠨᠠᠷ ᠤᠨ ᠤᠯᠠᠭᠠᠨ ᠱᠤᠭᠤᠮ︾ ᠢ ᠬᠠᠮᠠᠭᠠᠯᠠᠬᠤ ᠣᠨᠣᠯᠵᠢᠬᠤᠨ ᠢ ᠴᠢᠩᠭᠠᠳᠬᠠᠵᠤ᠂ | ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠬᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠤᠨ | ᠬᠠᠮᠢᠶᠠᠷᠤᠯᠲᠠ ᠶᠢ ᠪᠠᠶᠢᠩᠭᠤᠵᠢᠭᠤᠯᠬᠤ᠂ ᠬᠠᠤᠯᠢᠵᠢᠭᠤᠯᠬᠤ ᠪᠠ ᠵᠢᠷᠤᠮᠵᠢᠭᠤᠯᠬᠤ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠲᠥᠯᠥᠪᠵᠢᠭᠦᠯᠭᠡ ᠶᠢ ᠳᠣᠭᠢᠷᠠᠭᠤᠯᠤᠨ ᠲᠡᠭᠦᠯᠳᠡᠷᠵᠢᠭᠦᠯᠬᠦ ᠶᠢ ᠪᠣᠳᠠᠲᠠᠶ ᠲᠠᠷᠢᠶᠠᠨ ᠭᠠᠵᠠᠷ ᠪᠠ | ᠦᠨᠳᠦᠰᠦᠨ ᠲᠠᠷᠢᠶᠠᠨ ᠭᠠᠵᠠᠷ ᠲᠤ ᠬᠠᠮᠠᠭᠠᠯᠠᠯᠲᠠ ᠬᠢᠵᠦ᠂ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠶᠠᠰᠤ | ᠴᠢᠨᠠᠷ ᠢ ᠵᠡᠷᠭᠡᠪᠡᠷ ᠴᠢᠬᠤᠯᠠᠴᠢᠯᠠᠬᠤ︾ ᠶᠢ ᠱᠠᠭᠠᠷᠳᠠᠪᠠ᠃ | ᠬᠤᠶᠠᠷ ᠲᠤ ᠠᠰᠢᠭᠯᠠᠬᠤ ᠪᠠ ᠬᠠᠮᠠᠭᠠᠯᠠᠬᠤ ᠶᠢᠨ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ | ᠲᠥᠯᠥᠪᠯᠡᠨ᠎ᠡ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠵᠦ | ᠬᠠᠰᠤᠭᠳᠠᠬᠤ ᠶᠢ ᠬᠤᠯᠪᠣᠭᠳᠠᠭᠤᠯᠬᠤ᠂ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠢ ᠳᠠᠬᠢᠨ ᠬᠠᠭᠠᠯᠪᠤᠷᠢᠯᠠᠵᠤ | ᠠᠰᠢᠭᠯᠠᠬᠤ ᠲᠤᠷᠰᠢᠯᠲᠠ ᠶᠢ ᠢᠳᠡᠪᠬᠢᠲᠡᠶ ᠪᠠᠷ ᠥᠷᠨᠢᠭᠦᠯᠵᠦ᠂ ᠬᠥᠳᠡᠭᠡ ᠲᠣᠰᠬᠤᠨ ᠤ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠬᠤ ᠬᠡᠷᠡᠭᠲᠡᠶ᠃ | ᠭᠤᠷᠪᠠ ᠳᠤ᠂ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ ᠶᠢ | ᠴᠢᠩᠭ᠎ᠠ ᠥᠷᠨᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠠᠭᠠᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ | ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ᠂ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ | ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠬᠠᠮᠲᠤ ᠶᠢᠨ | ᠬᠠᠷᠢᠭᠤᠴᠠᠯᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠬᠥᠳᠡᠯᠦᠩᠭᠦᠶ | ᠲᠣᠭᠤᠷᠢᠨ ᠪᠠᠶᠢᠴᠠᠭᠠᠯᠲᠠ ᠪᠠ ᠳᠠᠭᠠᠭᠤᠯᠢ ᠣᠳᠣᠨ ᠤ ᠹᠢᠯᠢᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |