ᠬᠡᠰᠡᠭ ᠬᠡᠰᠡᠭ ᠦᠷᠭᠦᠯᠵᠢᠯᠡᠭᠰᠡᠨ ᠳᠣᠪᠣᠷᠴᠠᠭ ᠳᠣᠲᠣᠷ᠎ᠠ ︽ᠭᠠᠨ ᡁᠢ ᠮᠧᠢ︾ ᠬᠢᠷᠠᠭᠤ ᠤᠨᠠᠬᠤ ᠤᠮᠤᠷᠬᠠᠭ | ᠴᠠᠰᠤ ᠨᠢ ᠦᠨᠳᠦᠰᠦᠲᠡᠨ ᠤ ᠪᠦᠯᠬᠦᠮᠳᠡᠯ ᠤᠨ ᠴᠡᠴᠡᠭ ᠰᠢᠭ ᠳᠡᠯᠭᠡᠷᠡᠵᠦ ᠪᠠᠶᠢᠪᠠ᠃ | ︽ᠠᠷᠪᠠᠨ ᠲᠠᠪᠤᠨ ᠤ ᠰᠠᠷ᠎ᠠ︾ ᠭᠡᠬᠦ ᠠᠶᠠᠨ ᠤ ᠳᠠᠭᠤᠤ ᠨᠤᠭᠤᠳ ᠨᠢ ᠡᠬᠡ ᠤᠯᠤᠰ ᠤᠨ ᠬᠢᠯᠢ ᠶᠢᠨ ᠪᠣᠭᠤᠮᠲᠠ ᠶᠢ | ᠰᠠᠬᠢᠵᠤ ᠪᠠᠶᠢᠭ᠎ᠠ ᠪᠠᠶᠢᠯᠳᠤᠭᠴᠢ ᠪᠣᠯᠤᠨ ᠲᠡᠭᠦᠨ ᠤ ᠡᠬᠡᠨᠡᠷ ᠤᠨ ᠢᠶᠠᠨ ᠳᠤᠷᠠᠰᠤᠨ ᠰᠠᠨᠠᠭᠠᠯᠵᠠᠵᠤ ᠪᠠᠶᠢᠭ᠎ᠠ | ᠰᠡᠳᠬᠢᠯᠭᠡ ᠶᠢ ᠳᠠᠭᠤᠯᠠᠵᠠᠶ᠃ | | ᠴᠢᠤ ᠯᠢᠩ ᠭᠸᠤ᠂ ᠬᠢᠯᠢ ᠬᠢᠵᠠᠭᠠᠷ ᠢ ᠰᠠᠬᠢᠨ ᠬᠠᠮᠠᠭᠠᠯᠠᠵᠤ ᠪᠠᠶᠢᠭ᠎ᠠ ᠨᠢᠭᠡ ᠪᠦᠯᠦᠭ ᠬᠥᠮᠦᠰ ᠦᠨᠡᠨᠴᠢ ᠰᠢᠳᠤᠷᠭᠤ | ᠪᠠ ᠬᠠᠷᠢᠭᠤᠴᠠᠯᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠬᠢᠯᠢ ᠶᠢᠨ ᠱᠤᠭᠤᠮ ᠳᠡᠭᠡᠷ᠎ᠡ ᠪᠠᠲᠤ ᠴᠢᠩᠭ᠎ᠠ | ᠤᠷᠳᠤ ᠴᠠᠭᠠᠨ ᠬᠡᠷᠡᠮ ᠢ ᠴᠣᠭᠴᠠᠯᠠᠨ ᠪᠠᠶᠢᠭᠤᠯᠪᠠ᠃ | | 1969 ᠣᠨ ᠤ 10 ᠰᠠᠷ᠎ᠠ ᠳᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠤᠤᠯ ᠤᠨ | ᠪᠡᠭᠡᠵᠢᠩ ᠤᠨ ᠴᠡᠷᠢᠭ ᠤᠨ ᠲᠣᠭᠤᠷᠢᠭ ᠤᠨ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠵᠠᠷᠯᠢᠭ ᠢᠶᠠᠷ ᠥᠪᠥᠷ | ᠮᠣᠩᠭᠤᠯ ᠤᠨ ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠴᠢᠦ ᠯᠢᠩ ᠭᠧᠤ ᠭᠠᠵᠠᠷ ᠣᠷᠣᠨ ᠳᠤ ᠬᠦᠷᠴᠦ | ᠰᠠᠭᠤᠪᠠ᠃ ᠲᠡᠳᠡ ᠨᠢᠭᠡ ᠭᠠᠵᠠᠷ ᠢ ᠰᠠᠬᠢᠨ ᠰᠠᠭᠤᠵᠤ᠂ ᠨᠢᠭᠡ ᠭᠠᠵᠠᠷ ᠢ ᠪᠦᠯᠬᠦᠮᠳᠡᠨ᠂ ᠨᠢᠭᠡ ᠭᠠᠵᠠᠷ ᠲᠤ ᠪᠤᠶᠠᠨ | ᠦᠶ᠋ᠯᠡᠳᠴᠦ᠂ ᠬᠤᠸᠠᠳᠧ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠠᠮᠢ | ᠪᠡᠶ᠎ᠡ ᠪᠠᠨ ᠵᠣᠷᠢᠭᠤᠯᠤᠭᠰᠠᠨ᠂ ᠡᠬᠡ ᠤᠯᠤᠰ ᠤᠨ ᠤᠮᠠᠷᠠᠲᠤ ᠬᠢᠯᠢ ᠶᠢᠨ ᠡᠩᠬᠡ ᠲᠠᠶᠢᠪᠤᠩ ᠠᠮᠤᠷ ᠲᠦᠪᠰᠢᠨ ᠢ | ᠬᠠᠮᠠᠭᠠᠯᠠᠬᠤ ᠴᠠᠭ ᠦᠶ᠎ᠡ ᠶᠢᠨ ᠮᠠᠭᠲᠠᠭᠠᠯ ᠳᠠᠭᠤᠤ ᠶᠢ ᠬᠠᠮᠲᠤ ᠪᠠᠷ ᠪᠢᠴᠢᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠶᠢᠨ ᠴᠢᠬᠤᠯᠠ | ᠠᠴᠢ ᠬᠤᠯᠪᠣᠭᠳᠠᠯ ᠢ ᠲᠠᠶᠢᠯᠪᠤᠷᠢᠯᠠᠪᠠ᠃ | | ᠴᠡᠷᠢᠭ ᠨᠢ ᠠᠷᠠᠳ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠵᠦ᠂ ᠴᠡᠷᠢᠭ ᠠᠷᠠᠳ ᠪᠦᠯᠬᠦᠮᠳᠡᠨ ᠨᠢᠭᠡ ᠭᠡᠷ | ᠪᠦᠯᠢ ᠮᠡᠲᠦ ᠳᠣᠲᠣᠨᠣ᠃ ᠰᠠᠬᠢᠨ ᠬᠠᠮᠠᠭᠠᠯᠠᠬᠤ ᠳᠠᠷᠤᠭ᠎ᠠ ᠪᠠᠶᠢᠯᠳᠤᠭᠴᠢᠳ ᠶᠡᠭᠡ ᠶᠠᠪᠤᠳᠠᠯ ᠪᠠᠭ᠎ᠠ ᠶᠠᠪᠤᠳᠠᠯ ᠭᠡᠰᠡᠨ | ᠦᠭᠡᠢ᠂ ᠴᠠᠭ ᠢᠮᠠᠭᠲᠠ ᠨᠤᠲᠤᠭ ᠤᠨ ᠠᠬ᠎ᠠ ᠳᠡᠭᠦᠦ ᠨᠡᠷ ᠢᠶᠠᠨ ᠪᠤᠳᠤᠵᠤ᠂ ᠬᠤᠸᠠᠳᠧ ᠰᠢᠶᠠᠨ ᠤ ᠨᠤᠲᠤᠭ ᠤᠨ ᠠᠬ᠎ᠠ | ᠳᠡᠭᠦᠦ ᠨᠡᠷ ᠴᠦ ᠥᠪᠡᠷ ᠤᠨ ᠪᠣᠷᠣᠭᠵᠢᠭᠤᠨ ᠪᠥᠭᠡᠳ ᠴᠢᠩ ᠦᠨᠡᠨᠴᠢ ᠬᠠᠶᠢᠷ᠎ᠠ ᠰᠡᠳᠬᠢᠯᠭᠡ ᠪᠠᠨ ᠥᠴᠦᠬᠡᠨ ᠴᠦ | ᠨᠠᠶᠢᠷ ᠲᠠᠯᠪᠢᠬᠤ ᠦᠭᠡᠢ ᠪᠠᠷ ᠪᠠᠶᠢᠯᠳᠤᠭᠴᠢᠳ ᠲᠤ ᠬᠦᠷᠭᠡᠪᠡ᠃ | | ᠤᠤᠯ ᠤᠨ ᠪᠡᠭᠡᠵᠢᠩ ᠤᠨ ᠴᠡᠷᠢᠭ ᠤᠨ ᠲᠣᠭᠤᠷᠢᠭ ᠤᠨ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ | ᠱᠲ᠋ᠠᠪ ᠤᠨ ᠳᠠᠷᠤᠭ᠎ᠠ᠂ ᠬᠤᠵᠢᠮ ᠨᠢ ᠳ᠋ᠢᠸᠢᠽᠢ ᠶᠢᠨ ᠳᠠᠷᠤᠭ᠎ᠠ ᠶᠢᠨ ᠲᠤᠰᠢᠶᠠᠯ ᠳᠤ ᠭᠠᠷᠤᠭᠰᠠᠨ ᠴᠢᠦ ᠶᠢᠨ ᠺᠠᠢ | ᠵᠠᠩᠵᠤᠨ ᠤ ᠦᠵᠡᠬᠦ ᠪᠠᠷ᠂ ᠴᠡᠷᠢᠭ ᠠᠩᠭᠢ ᠡᠬᠢᠨ ᠳᠡᠭᠡᠨ ᠴᠢᠦ ᠯᠢᠩ ᠭᠧᠤ ᠬᠦᠷᠬᠦ ᠦᠶ᠎ᠡ ᠳᠤ ᠲᠡᠳᠦᠢ ᠣᠯᠠᠨ | ᠴᠡᠷᠢᠭ ᠤᠨ ᠬᠤᠸᠠᠷᠠᠨ ᠪᠠᠶᠢᠭᠰᠠᠨ ᠦᠭᠡᠢ᠂ ᠡᠳᠦᠷ ᠲᠤ ᠪᠠᠨ ᠪᠠᠶᠢᠯᠳᠤᠭᠠᠨ ᠳᠤ ᠪᠡᠯᠡᠳᠬᠡᠨ ᠪᠣᠯᠪᠠᠰᠤᠷᠠᠯ ᠬᠢᠵᠦ᠂ | ᠣᠷᠣᠢ ᠠᠭᠤᠯᠠᠨ ᠬᠥᠲᠥᠯ ᠢ ᠲᠦᠰᠢᠨ ᠮᠠᠯᠲᠠᠭᠰᠠᠨ ︽ᠨᠦᠬᠡᠨ ᠭᠡᠷ︾ ᠲᠤ ᠰᠠᠭᠤᠭᠰᠠᠨ ᠠᠴᠠ ᠨᠤᠲᠤᠭ ᠤᠨ ᠠᠬ᠎ᠠ | ᠳᠡᠭᠦᠦ ᠨᠠᠷ ᠡᠨᠡ ᠬᠦ ᠪᠠᠶᠢᠳᠠᠯ ᠢ ᠮᠡᠳᠡᠭᠰᠡᠨ ᠤ ᠳᠠᠷᠠᠭ᠎ᠠ ᠰᠠᠶ᠋ᠢ ᠨᠢᠭᠡ ᠲᠠᠰᠤᠯᠭ᠎ᠠ ᠨᠢᠭᠡ ᠲᠠᠰᠤᠯᠭ᠎ᠠ ᠲᠠᠢ᠂ ᠴᠡᠷᠢᠭ | ᠠᠩᠭᠢ ᠶᠢᠨ ᠬᠢᠨ ᠬᠤᠶᠠᠷ ᠲᠠᠰᠤᠯᠭ᠎ᠠ ᠰᠤᠯᠠᠯᠠᠵᠤ᠂ ᠴᠡᠷᠢᠭ ᠠᠩᠭᠢ 1973 ᠣᠨ ᠳᠤ ᠴᠡᠷᠢᠭ ᠠᠩᠭᠢ ᠴᠡᠷᠢᠭ ᠤᠨ | ᠬᠦᠷᠢᠶ᠎ᠡ ᠪᠠᠷᠢᠵᠠᠢ᠃ | ︽ᠴᠢᠦ ᠯᠢᠩ ᠭᠧᠤ ᠪᠣᠯ ᠤᠰᠤ ᠳᠤᠲᠠᠭᠳᠠᠵᠤ᠂ ᠨᠤᠲᠤᠭ ᠤᠨ ᠭᠡᠷ ᠲᠤ ᠪᠠᠨ ᠵᠢᠭᠡᠯᠡᠭᠳᠡᠨ ᠰᠠᠭᠤᠵᠤ ᠪᠠᠶᠢᠨ᠎ᠠ᠂ | ᠴᠡᠷᠢᠭ ᠠᠩᠭᠢ ᠶᠢᠨ ᠬᠢᠨ ᠨᠤᠲᠤᠭ ᠤᠨ ᠠᠬ᠎ᠠ ᠳᠡᠭᠦᠦ ᠨᠠᠷ ᠲᠠᠢ ᠲᠠᠬᠢᠨ ᠤᠰᠤ ᠪᠤᠯᠢᠶᠠᠯᠳᠤᠵᠤ ᠪᠣᠯᠬᠤ ᠦᠭᠡᠢ᠂ | ᠡᠷᠬᠡᠪᠰᠢ ᠥᠪᠡᠷ ᠢᠶᠠᠨ ᠠᠷᠭ᠎ᠠ ᠪᠣᠳᠣᠵᠤ ᠤᠰᠤ ᠢᠳᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︾᠃ | ᠴᠢᠦ ᠶᠢᠨ ᠺᠠᠶ ᠬᠡᠯᠡᠬᠦ ᠳᠡᠭᠡᠨ᠂ ᠬᠠᠮᠤᠭ ᠰᠡᠭᠦᠯ ᠳᠤ ᠪᠠᠶᠢᠯᠳᠤᠭᠴᠢᠳ ᠤᠨ ᠣᠷᠳᠣ ᠬᠤᠭᠤᠴᠠᠭᠠᠨ ᠤ ᠴᠢᠷᠮᠠᠶᠢᠯᠭ᠎ᠠ ᠪᠠᠷ | ᠳᠠᠮᠵᠢᠨ᠂ ᠴᠡᠷᠢᠭ ᠤᠨ ᠬᠤᠸᠠᠷᠠᠨ ᠤ ᠠᠷᠤ ᠲᠠᠯ᠎ᠠ ᠶᠢᠨ ᠵᠢᠵᠢᠭ ᠠᠭᠤᠯᠠᠨ ᠬᠥᠨᠳᠡᠶ ᠳᠤ ᠬᠤᠳᠳᠤᠭ ᠮᠠᠯᠲᠠᠵᠤ᠂ | ᠤᠰᠤᠨ ᠤ ᠡᠬᠢ ᠰᠤᠷᠪᠤᠯᠵᠢ ᠶᠢ ᠡᠷᠢᠵᠦ ᠣᠯᠣᠭᠰᠠᠨ ᠤ ᠳᠠᠷᠠᠭ᠎ᠠ᠂ ᠪᠠᠶᠢᠯᠳᠤᠭᠴᠢᠳ ᠪᠠᠰᠠ ᠨᠤᠲᠤᠭ ᠤᠨ ᠠᠬ᠎ᠠ | ᠳᠡᠭᠦᠦ ᠨᠠᠷ ᠲᠠᠢ ᠳᠡᠮᠡᠢ ᠬᠤᠯᠠ ᠦᠭᠡᠢ ᠭᠠᠵᠠᠷ ᠲᠤ ︽ᠴᠡᠷᠢᠭ ᠠᠷᠠᠳ ᠤᠨ ᠨᠥᠬᠦᠷᠯᠡᠯ ᠤᠰᠤᠨ ᠴᠥᠭᠦᠷᠥᠮ︾ | ᠪᠠᠶᠢᠭᠤᠯᠵᠠᠢ᠃ 1975 ᠣᠨ ᠤ ᠡᠮᠦᠨ᠎ᠡ ᠬᠤᠶᠢᠨ᠎ᠠ᠂ ᠳᠠᠷᠤᠭ᠎ᠠ ᠪᠠᠶᠢᠯᠳᠤᠭᠴᠢᠳ ᠬᠤᠸᠠᠷᠠᠨ ᠤ ᠬᠦᠯᠡᠮᠵᠢ ᠳᠤ | ᠬᠦᠯᠡᠮᠵᠢ ᠪᠦᠷᠬᠦᠵᠦ᠂ ᠠᠭᠠᠵᠢᠮ ᠢᠶᠠᠷ ᠪᠠᠰᠠ ᠲᠠᠷᠢᠶᠠᠯᠠᠩ ᠤᠨ ᠲᠠᠯᠠᠪᠠᠢ ᠡᠷᠬᠢᠯᠡᠵᠦ᠂ ᠮᠢᠬ᠎ᠠ ᠥᠨᠳᠡᠭᠡ ᠨᠣᠭᠤᠭ᠎ᠠ ᠰᠦ | ᠵᠡᠷᠭᠡ ᠨᠢ ᠪᠦᠷ ᠥᠪᠡᠷ ᠢ ᠪᠠᠨ ᠬᠠᠩᠭᠠᠬᠤ ᠪᠣᠯᠵᠤ᠂ ᠬᠦᠯᠡᠮᠵᠢ ᠳᠤ 20 ᠭᠠᠷᠤᠢ ᠵᠦᠢᠯ ᠤᠨ ᠢᠳᠡᠰᠢᠨ ᠨᠣᠭᠤᠭ᠎ᠠ ᠪᠠᠨ | ︽ᠡᠵᠡᠷᠬᠡᠬᠦ︾ ᠬᠤᠭᠤᠯᠠᠨ ᠰᠢᠷᠡᠭᠡᠨ ᠤ ᠲᠡᠦᠬᠡ ᠪᠠᠨ ᠡᠴᠦᠰᠯᠡᠭᠦᠯᠵᠡᠢ᠃ ᠪᠠᠶᠢᠯᠳᠤᠭᠴᠢ ᠯᠢᠩ ᠹᠧᠩ ᠰᠢᠶᠠᠨ | ︽ᠰᠡᠭᠦᠯᠡᠷ ᠨᠢ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠢᠳᠡᠰᠢᠨ ᠨᠣᠭᠤᠭ᠎ᠠ ᠶᠢᠨ ᠬᠦᠯᠡᠮᠵᠢ ᠲᠠᠢ ᠪᠣᠯᠵᠠᠢ᠂ | ᠪᠠᠶᠢᠯᠳᠤᠭᠴᠢᠳ ᠦᠷᠭᠦᠯᠵᠢ ᠲᠣᠰᠬᠤᠨ ᠤ ᠠᠷᠠᠳ ᠲᠤ ᠨᠣᠭᠤᠭ᠎ᠠ ᠬᠦᠷᠭᠡᠵᠦ᠂ ᠬᠠᠮᠲᠤ ᠬᠤᠭᠤᠯᠠᠯᠯᠠᠪᠠᠯ ᠲᠡᠳᠡ ᠪᠠᠰᠠ | ᠴᠥᠭᠡᠨ ᠲᠣᠬᠢᠶᠠᠯᠳᠤᠳᠠᠭ ᠨᠣᠭᠤᠭ᠎ᠠ ᠪᠠᠨ ᠲᠣᠰᠬᠤᠨ ᠤ ᠬᠡᠦᠬᠡᠳ ᠲᠤ ᠦᠯᠡᠳᠡᠭᠡᠨ ᠥᠭᠴᠦ᠂ ᠬᠤᠭᠤᠯᠠᠨ ᠤ | ᠬᠠᠶᠢᠷᠴᠠᠭ ᠲᠤ ᠬᠢᠵᠦ ᠥᠭᠳᠡᠭ᠃ | ᠲᠤᠬᠠᠶ ᠶᠢᠨ ᠵᠢᠯ ᠳᠤ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠡᠷᠬᠢᠯᠡᠭᠴᠢ ᠯᠢ ᠰᠢᠤ ᠮᠧᠶ | ᠳᠤᠷᠠᠳᠤᠭᠰᠠᠨ ᠨᠢ᠂ ᠪᠠᠶᠢᠯᠳᠤᠭᠴᠢᠳ ᠠᠯᠢ ᠡᠷᠲᠡ ᠠᠷᠠᠳ ᠢᠷᠭᠡᠳ ᠲᠤ ᠬᠠᠪᠰᠤᠷᠤᠨ ᠤᠰᠤ ᠠᠪᠴᠤ ᠥᠭᠴᠦ᠂ ᠨᠢᠭᠡ | ᠭᠡᠷ ᠢᠶᠠᠷ ᠬᠠᠷᠢᠯᠴᠠᠨ ᠳᠣᠲᠣᠨᠣᠰᠤᠭ ᠪᠠᠶᠢᠯ᠎ᠠ︔ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ᠳ᠋ᠢᠸᠢᠽᠢ ᠶᠢᠨ | ᠬᠡᠯᠲᠡᠰ ᠤᠨ ᠶᠣᠰᠣᠯᠠᠯ ᠤᠨ ᠲᠠᠩᠬᠢᠮ ᠳᠤ ᠪᠠᠷᠤᠭ ᠭᠠᠷᠠᠭ ᠪᠦᠷᠢ ᠨᠢᠭᠡ ᠤᠳᠠᠭ᠎ᠠ ᠺᠢᠨᠣ᠋ ᠲᠠᠯᠪᠢᠵᠤ ᠥᠭᠳᠡᠭ᠂ | ᠬᠤᠶᠠᠳᠤᠭᠠᠷ ᠳᠠᠪᠬᠤᠷ ᠲᠤ ᠲᠤᠰᠬᠠᠶᠢᠯᠠᠨ ᠠᠷᠠᠳ ᠲᠦᠮᠡᠨ ᠳᠤ ᠰᠠᠭᠤᠳᠠᠯ ᠲᠠᠢ ᠪᠠᠶᠢᠪᠠ᠂ ᠴᠡᠷᠢᠭ ᠤᠨ ᠡᠮᠨᠡᠯᠭᠡ ᠨᠢ | ᠰᠦᠢᠳᠬᠡᠯ ᠬᠤᠷᠢᠶᠠᠬᠤ ᠦᠭᠡᠢ ᠪᠠᠷ ᠠᠷᠪᠠᠨ ᠭᠠᠵᠠᠷ ᠨᠠᠢᠮᠠᠨ ᠰᠢᠶᠠᠩ ᠤᠨ ᠮᠠᠯᠴᠢᠨ ᠲᠠᠷᠢᠶᠠᠴᠢᠨ ᠳᠤ ᠡᠪᠡᠳᠴᠢᠨ | ᠦᠵᠡᠭᠦᠯᠬᠦ᠂ ᠣᠨᠴᠠᠭᠠᠶᠢᠯᠠᠨ ᠴᠢᠦ ᠯᠢᠩ ᠭᠸᠤ ᠶᠢᠨ ᠬᠠᠪᠢ ᠳᠤ ᠮᠠᠰᠢ ᠤᠯᠠᠨ ᠬᠡᠦᠬᠡᠳ ᠲᠠᠷᠢᠬᠢᠨ ᠪᠦᠷᠬᠦᠪᠴᠢ ᠶᠢᠨ | ᠦᠷᠪᠢᠰᠦᠯ ᠳᠤ ᠨᠡᠷᠪᠡᠭᠳᠡᠵᠡᠢ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠮᠠᠭᠲᠠᠭᠠᠯ ᠰᠠᠶᠢᠰᠢᠶᠠᠯ ᠲᠠᠢ ᠪᠠᠷ | ᠨᠢᠭᠡᠳᠦᠭᠡᠷ ᠳ᠋ᠢᠸᠢᠽᠢ ᠨᠢ ︽ᠦᠷᠦᠰᠢᠶᠡᠯ ᠵᠢᠷᠤᠮ ᠤᠨ ᠴᠡᠷᠢᠭ︾ ᠪᠣᠯᠵᠠᠢ︔ ᠲᠣᠰᠬᠤᠨ ᠳᠤ ᠪᠠᠰᠠ ︽ᠴᠡᠷᠢᠭ ᠢ | ᠬᠦᠷᠢᠶᠡᠯᠡᠬᠦ ᠳᠤᠭᠤᠶᠢᠯᠠᠩ︾ ᠪᠠᠶᠢᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳ᠋ᠢᠸᠢᠽᠢ ᠶᠢᠨ ᠶᠠᠮᠤᠨ ᠤ | ᠪᠠᠶᠢᠯᠳᠤᠭᠴᠢᠳ ᠢ ᠬᠠᠪᠰᠤᠷᠤᠨ ᠬᠤᠪᠴᠠᠰᠤ ᠤᠭᠢᠶᠠᠬᠤ ᠣᠶᠣᠨ ᠤ ᠭᠠᠵᠠᠷ ᠪᠠᠶᠢᠭᠤᠯᠵᠤ᠂ ᠬᠠᠳᠠ ᠴᠢᠯᠠᠭᠤ ᠮᠡᠲᠦ | ᠪᠠᠲᠤ ᠪᠠᠬᠢ ᠴᠡᠷᠢᠭ ᠠᠩᠭᠢ ᠣᠷᠣᠵᠤ ᠰᠠᠭᠤᠭᠰᠠᠨ ᠡᠬᠢᠨ ᠤ ᠬᠤᠭᠤᠴᠠᠭᠠᠨ ᠳᠤ ᠡᠯ᠎ᠡ ᠦᠨᠳᠦᠰᠦᠲᠡᠨ ᠤ ᠴᠡᠷᠢᠭ | ᠠᠷᠠᠳ ᠤᠨ ᠰᠡᠳᠬᠢᠯ ᠳᠤ ᠬᠠᠳᠠᠩᠰᠢᠭᠰᠠᠨ ᠪᠠᠶᠢᠨ᠎ᠠ᠃ | ᠭᠡᠷ ᠠᠴᠠ ᠪᠠᠨ ᠲᠦᠮᠡᠨ ᠭᠠᠵᠠᠷ ᠰᠠᠯᠤᠭᠰᠠᠨ ᠳᠤ ᠬᠠᠷᠠᠮᠰᠠᠬᠤ ᠦᠭᠡᠢ᠂ ᠵᠣᠪᠠᠭᠤᠷᠢ ᠵᠦᠳᠡᠭᠦᠷᠢ ᠪᠠᠷ ᠢᠷᠠᠭᠤ | ᠠᠯᠳᠠᠷ ᠪᠣᠯᠭᠠᠵᠤ ᠬᠠᠷᠠᠮ ᠦᠭᠡᠢ ᠵᠣᠷᠢᠭᠤᠯᠪᠠ᠃ ᠤᠤᠯ ᠤᠨ ᠪᠡᠭᠡᠵᠢᠩ ᠤᠨ ᠴᠡᠷᠢᠭ ᠤᠨ ᠲᠣᠭᠤᠷᠢᠭ ᠤᠨ ᠰᠠᠬᠢᠨ | ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ᠳᠠᠷᠤᠭ᠎ᠠ ᠪᠠᠶᠢᠯᠳᠤᠭᠴᠢᠳ ᠲᠠᠪᠤᠨ ᠨᠠᠭᠤᠷ ᠳᠦᠷᠪᠡᠨ ᠳᠠᠯᠠᠢ ᠠᠴᠠ ᠢᠷᠡᠵᠦ᠂ | ᠦᠨᠳᠦᠰᠦᠲᠡᠨ ᠨᠦᠭᠦᠳ ᠡᠯᠢᠭᠡᠨ ᠰᠠᠳᠤᠨ ᠠᠴᠠ ᠪᠠᠨ ᠬᠤᠯᠠᠳᠠᠵᠤ᠂ ᠲᠦᠷᠦᠯ ᠰᠠᠳᠤᠨ᠂ ᠬᠢᠯᠢ ᠬᠢᠵᠠᠭᠠᠷ ᠲᠤ | ᠦᠨᠳᠦᠰᠦᠯᠡᠵᠦ᠂ ᠪᠠᠭ᠎ᠠ ᠭᠡᠷ ᠢᠶᠠᠨ ᠬᠠᠶᠠᠵᠤ ᠤᠯᠠᠨ ᠤ ᠲᠥᠯᠥᠭᠡ ︽ᠬᠦᠴᠢᠷ ᠠᠴᠠ ᠠᠶᠤᠬᠤ ᠦᠭᠡᠢ᠂ ᠬᠤᠶᠠᠷ ᠲᠤ | ᠦᠬᠦᠬᠦ ᠠᠴᠠ ᠠᠶᠤᠬᠤ ᠦᠭᠡᠢ︾ ᠭᠡᠬᠦ ᠬᠤᠪᠢᠰᠬᠠᠯᠲᠤ ᠵᠣᠷᠢᠭ ᠰᠠᠨᠠᠭ᠎ᠠ ᠪᠠᠷ᠂ ᠡᠨᠡᠬᠦ ᠥᠴᠦᠬᠡᠨ ᠴᠦ ᠵᠡᠷᠡᠮᠳᠡᠭ ᠦᠭᠡᠢ | ᠭᠠᠵᠠᠷ ᠢ ᠬᠢᠯᠢ ᠶᠢᠨ ᠬᠠᠮᠠᠭᠠᠯᠠᠯᠲᠠ ᠶᠢᠨ ᠳᠠᠶᠢᠰᠤᠨ ᠤ ᠪᠣᠯᠣᠳ ᠲᠡᠮᠦᠷ ᠤᠨ ᠵᠢᠭᠰᠠᠭᠠᠯ ᠤᠨ ᠭᠠᠵᠠᠷ ᠪᠣᠯᠭᠠᠨ | ᠪᠠᠶᠢᠭᠤᠯᠵᠤ᠂ ᠬᠠᠲᠠᠭᠤ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ᠳᠠᠷᠤᠭ᠎ᠠ ᠪᠠᠶᠢᠯᠳᠤᠭᠴᠢᠳ ᠬᠠᠷᠠᠮᠰᠠᠯ | ᠦᠭᠡᠢ ᠪᠠᠷ ᠵᠠᠯᠠᠭᠤ ᠨᠠᠰᠤ ᠪᠣᠯᠤᠨ ᠬᠠᠯᠠᠭᠤᠨ ᠴᠢᠰᠤ ᠪᠠᠨ ᠡᠷᠭᠦᠵᠦ᠂ ᠵᠠᠷᠢᠮ ᠨᠢ ᠴᠢᠨᠠᠭᠰᠢᠯᠠᠪᠠᠯ ᠵᠠᠯᠠᠭᠤ ᠪᠥᠭᠡᠳ | ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠤᠭᠰᠠᠨ ᠶᠤᠮ᠃ ᠲᠡᠳᠡ ᠬᠢᠯᠢ ᠶᠢᠨ ᠱᠤᠭᠤᠮ ᠳᠡᠭᠡᠷ᠎ᠡ ︽ᠬᠠᠬᠢᠷ | ᠬᠦᠢᠲᠡᠨ ᠠᠴᠠ ᠠᠶᠤᠬᠤ ᠦᠭᠡᠢ᠂ ᠡᠷᠡᠯᠬᠡᠭᠯᠡᠨ ᠲᠡᠮᠡᠴᠡᠵᠦ᠂ ᠭᠤᠶᠠᠴᠢ ᠦᠭᠡᠢ ᠵᠢᠳᠬᠦᠵᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠪᠦᠯᠬᠦᠮᠳᠡᠨ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠬᠦ︾ ︽ᠭᠠᠨ ᡁᠢ ᠮᠧᠢ︾ ᠶᠢᠨ | ᠵᠠᠩ ᠴᠢᠨᠠᠷ ᠢ ᠡᠭᠦᠳᠪᠡ᠃ | 20 ᠳ᠋ᠤᠭᠠᠷ ᠵᠠᠭᠤᠨ ᠤ ᠳᠠᠯᠠᠭᠠᠳ ᠣᠨ ᠤ ᠰᠡᠭᠦᠯᠴᠢ ᠳᠤ ᠠᠯᠳᠠᠷᠲᠤ ᠴᠡᠷᠢᠭ ᠤᠨ ᠳᠠᠭᠤᠴᠢᠨ ᠱᠢ ᠰᠢᠶᠠᠩ | ᠴᠢᠦ ᠯᠢᠩ ᠭᠧᠦ ᠳᠤ ᠭᠦᠨᠵᠡᠭᠡᠶᠢᠷᠡᠵᠦ᠂ ᠬᠢᠯᠢ ᠪᠠᠨ ᠰᠠᠬᠢᠬᠤ ᠬᠦᠴᠢᠷ ᠪᠡᠷᠬᠡᠰᠢᠶᠡᠯ ᠢ ᠮᠡᠳᠡᠷᠡᠵᠦ᠂ ᠲᠡᠭᠦᠨ ᠢ ᠮᠥᠰᠥ | ᠮᠠᠴᠤᠵᠤ ᠴᠠᠰᠤ ᠣᠷᠣᠬᠤ᠂ ᠬᠤᠭᠤᠯᠠ ᠢᠳᠡᠵᠦ ᠬᠤᠨᠣᠵᠤ ᠬᠡᠪᠲᠡᠬᠦ ᠡᠷᠡᠰ ᠵᠣᠷᠢᠭ ᠰᠠᠨᠠᠭ᠎ᠠ ᠳᠣᠭᠳᠣᠯᠵᠤ᠂ ᠨᠡᠩ | ᠬᠥᠮᠦᠰ ᠤᠨ ᠰᠡᠳᠬᠢᠯ ᠢ ᠬᠥᠳᠡᠯᠭᠡᠮ᠎ᠡ ᠳᠠᠷᠤᠭ᠎ᠠ ᠪᠠᠶᠢᠯᠳᠤᠭᠴᠢᠳ ᠤᠨ ᠳᠣᠲᠣᠷ᠎ᠠ ᠠᠴᠠ ᠤᠯᠤᠰ ᠤᠨ ᠲᠥᠯᠥᠭᠡ | ᠦᠨᠡᠨᠴᠢ ᠰᠢᠳᠤᠷᠭᠤ ᠠᠴᠢ ᠪᠠᠷ ᠡᠯᠪᠡᠷᠢᠵᠦ ᠪᠣᠯᠤᠰᠢ ᠦᠭᠡᠢ ᠪᠣᠳᠠᠲᠤ ᠵᠢᠱᠢᠶ᠎ᠡ ᠪᠦᠷ ᠠᠳᠠᠯᠢ᠃ ᠲᠦᠭ ᠲᠦᠮᠡᠨ | ᠴᠡᠷᠢᠭ ᠪᠡᠷᠭᠡᠨ ᠤ ᠭᠡᠷ ᠪᠦᠯᠢ ᠶᠢᠨ ᠬᠦᠨᠳᠦ ᠡᠭᠦᠷᠭᠡ ᠶᠢ ᠮᠠᠭᠲᠠᠨ ᠳᠠᠭᠤᠯᠠᠬᠤ ᠶᠢᠨ ᠲᠥᠯᠥᠭᠡ᠂ ᠴᠡᠷᠢᠭ ᠤᠨ ᠡᠷ᠎ᠡ | ᠨᠥᠬᠦᠷ ᠰᠠᠨᠠᠭ᠎ᠠ ᠠᠮᠤᠷ ᠬᠢᠯᠢ ᠬᠢᠵᠠᠭᠠᠷ ᠲᠤ ᠰᠠᠭᠤᠭ᠎ᠠ ᠪᠠᠭᠠᠲᠤᠷᠯᠢᠭ ᠦᠢᠯᠡ ᠶᠠᠪᠤᠳᠠᠯ ᠢ ᠱᠢ ᠰᠢᠶᠠᠩ ᠡᠨᠡᠬᠦ | ᠰᠣᠩᠭᠤᠳᠠᠭ ᠴᠡᠷᠢᠭ ᠠᠩᠭᠢ ᠶᠢᠨ ᠳᠠᠭᠤᠤ ︽ᠠᠷᠪᠠᠨ ᠲᠠᠪᠤᠨ ᠤ ᠰᠠᠷ᠎ᠠ︾ ᠶᠢ ᠪᠢᠴᠢᠪᠡ᠃ | ᠨᠢᠭᠡ ᠪᠠᠳᠠᠭ ᠳᠠᠭᠤᠤ ᠶᠢᠨ ᠵᠣᠬᠢᠶᠠᠨ ᠪᠦᠲᠦᠭᠡᠯᠭᠡ ᠨᠢ ᠨᠢᠭᠡ ᠬᠥᠮᠦᠨ ᠤ ᠦᠯᠢᠭᠡᠷ ᠠᠴᠠ ᠢᠷᠡᠯᠲᠡ ᠲᠠᠢ ᠪᠠᠶᠢᠵᠤ | ᠮᠡᠳᠡᠨ᠎ᠡ᠂ ᠳᠠᠮᠵᠢᠭᠤᠯᠤᠭᠰᠠᠨ ᠨᠢ ᠬᠠᠷᠢᠨ ᠨᠢᠭᠡ ᠬᠠᠮᠲᠤᠯᠢᠭ ᠤᠨ ᠬᠠᠶᠢᠷ᠎ᠠ ᠰᠡᠳᠬᠢᠯᠭᠡ ᠪᠣᠯᠤᠨ᠎ᠠ᠂ ᠮᠠᠭᠲᠠᠨ | ᠳᠠᠭᠤᠯᠠᠬᠤ ᠨᠢ ᠪᠠᠰᠠ ᠴᠤ ᠨᠢᠭᠡ ᠬᠠᠮᠲᠤᠯᠢᠭ ᠤᠨ ᠵᠣᠷᠢᠭ ᠰᠠᠨᠠᠭ᠎ᠠ ᠪᠣᠯᠤᠨ᠎ᠠ᠂ ᠪᠠᠰᠠ ᠴᠤ | ᠦᠨᠳᠦᠰᠦᠲᠡᠨ ᠨᠦᠭᠦᠳ ᠤᠨ ᠴᠡᠷᠢᠭ ᠠᠷᠠᠳ ᠪᠦᠯᠬᠦᠮᠳᠡᠨ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠣᠯᠭᠤᠪᠠ᠂ | ᠡᠨᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ | ᠬᠤᠸᠠᠳᠧ ᠳᠤ ᠠᠮᠢᠳᠤᠯᠢᠭ ᠵᠢᠷᠤᠭᠯᠠᠯ ᠪᠣᠯᠬᠤ ᠪᠠᠷ ᠪᠠᠷᠠᠬᠤ ᠦᠭᠡᠢ᠂ ᠨᠡᠩ ᠴᠤ ᠳᠤᠮᠳᠠᠳᠤ ᠶᠢᠨ ᠦᠨᠳᠦᠰᠦᠲᠡᠨ ᠤ | ᠣᠷᠣᠰᠢᠨ ᠲᠣᠭᠲᠠᠨᠢᠵᠤ ᠲᠠᠰᠤᠷᠠᠯᠲᠠ ᠦᠭᠡᠢ ᠬᠥᠭᠵᠢᠬᠦ ᠤᠶᠤᠨ ᠰᠠᠨᠠᠭᠠᠨ ᠤ ᠨᠢᠭᠤᠴᠠ ᠨᠣᠮᠧᠷ ᠪᠣᠯᠤᠨ᠎ᠠ᠃ | ︵ᠢᠷᠡᠯᠲᠡ᠄ ᠠᠷᠠᠳ ᠤᠨ ᠡᠳᠦᠷ ᠤᠨ ᠰᠣᠨᠢᠨ ᠤ ᠬᠡᠷᠡᠭᠯᠡᠭᠴᠢ ᠶᠢᠨ ᠦᠵᠦᠭᠦᠷ︶ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |