ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠬᠤ ᠶᠢᠨ ᠲᠥᠯᠥᠭᠡ᠃ 3 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠨᠤᠯ | ᠰᠤᠷᠤᠯᠴᠠᠬᠤ ᠭᠤᠣᠯ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠬᠤᠷᠠᠯ ᠡᠷᠭᠢᠯᠡᠪᠡ᠃ | ᠲᠤᠰ ᠤᠳᠠᠭ᠎ᠠ ᠶᠢᠨ ᠬᠤᠷᠠᠯ ᠠᠴᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠡᠶᠢᠭᠡᠮ ᠪᠣᠯᠤᠨ ᠠᠮᠢ | ᠠᠬᠤᠢ ᠶᠢᠨ ᠪᠣᠯᠪᠠᠰᠤᠨ ᠤ ᠵᠢᠭᠠᠨ ᠰᠤᠳᠤᠯᠬᠤ ᠬᠡᠯᠲᠡᠰ ᠤᠨ ᠳᠡᠳ᠋ ᠫᠷᠤᠹᠧᠰᠰᠤᠷ ᠡᠸᠤ ᠶᠠᠩ ᠯᠢ ᠨᠠ ᠶᠢ ᠤᠷᠢᠵᠤ | ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ︾ ᠭᠡᠬᠦ ᠰᠡᠳᠦᠪ ᠢᠶᠠᠷ ᠲᠤᠰᠬᠠᠢ ᠰᠡᠳᠦᠪ ᠢᠶᠠᠷ | ᠬᠢᠴᠢᠶᠡᠯᠯᠡᠭᠦᠯᠪᠡ᠃ ᠲᠠᠶᠢᠯᠤᠮᠵᠢ ᠳᠤ᠂ ᠡᠸᠤ ᠶᠠᠩ ᠯᠢ ᠨᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ᠂ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠦᠢᠯᠡᠳᠦᠯᠭᠡ ᠶᠢᠨ | ᠠᠷᠭ᠎ᠠ ᠵᠠᠮ ᠵᠡᠷᠭᠡ ᠭᠤᠷᠪᠠᠨ ᠲᠠᠯ᠎ᠠ ᠠᠴᠠ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠦᠷᠢᠨ ᠲᠡᠭᠦᠯᠳᠡᠷ | ᠠᠮᠢ ᠠᠬᠤᠶ ᠶᠢᠨ ᠪᠣᠯᠪᠠᠰᠤᠨ ᠤ ᠬᠢᠴᠢᠶᠡᠯ ᠢ ᠲᠠᠶᠢᠯᠪᠤᠷᠢᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ | ᠪᠣᠯ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ᠂ ᠪᠦᠬᠦ ᠰᠢᠶᠠᠨ ᠢᠶᠠᠷ ᠢᠶᠠᠨ ᠦᠷᠭᠦᠯᠵᠢᠯᠡᠨ ᠭᠦᠨᠵᠡᠭᠡᠢ | ᠰᠤᠷᠤᠯᠴᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠡᠵᠡᠮᠳᠡᠵᠦ᠂ | ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ | ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠤᠯᠠᠨ ᠲᠦᠮᠡᠨ ᠤ ᠭᠤᠣᠯ | ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠵᠤ᠂ ᠪᠦᠬᠦ ᠰᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠴᠢᠨᠠᠷ | ᠰᠠᠶᠢᠲᠠᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠭᠡᠨ | ᠪᠠᠶᠢᠭᠤᠯᠬᠤ ᠳᠤ ᠬᠤᠸᠠᠳᠧ ᠶᠢᠨ ᠬᠤᠪᠢ ᠨᠡᠮᠡᠷᠢ ᠦᠵᠡᠭᠦᠯᠦᠨ᠎ᠡ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |