3 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠰᠢᠤᠸᠠᠢ ᠹᠧᠩ ᠴᠢᠩ ᠠᠷᠪᠠᠨ | ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ | 11 ᠳ᠋ᠤᠭᠡᠷ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ | ᠪᠠᠶᠢᠴᠠᠭᠠᠵᠤ ︽ᠪᠤᠴᠠᠵᠤ ᠪᠠᠶᠢᠴᠠᠭᠠᠨ ᠦᠵᠡᠬᠦ︾ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠢᠶᠠᠩᠰᠦ ᠶᠢᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ᠂ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠳᠤᠮᠳᠠᠳᠤ | ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠳᠤᠮᠳᠠᠳᠤ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠤᠨ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ | ᠲᠥᠯᠥᠭᠡᠯᠡᠭᠴᠢᠳ ᠤᠨ ᠪᠦᠯᠬᠦᠮ ᠤᠨ ᠪᠦᠬᠦᠳᠡ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠣᠯᠤᠨ ︽︿ᠬᠤᠶᠠᠷ ᠢ ᠭᠤᠶᠢᠪᠢᠰᠢ ᠦᠭᠡᠢ﹀ ᠶᠢ ᠪᠠᠷᠢᠮᠲᠠᠯᠠᠨ ᠨᠠᠶᠢᠳᠠᠪᠤᠷᠢᠵᠢᠭᠤᠯᠬᠤ ᠵᠢᠴᠢ ᠪᠦᠬᠦ ᠨᠠᠮ ᠤᠨ | ᠬᠡᠪᠴᠢᠶᠡᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ︽ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠤᠷᠢᠨ ᠪᠠᠶᠢᠴᠠᠭᠠᠵᠤ ︿ᠡᠷᠬᠢᠨ ᠬᠠᠷᠠᠬᠤ﹀ ᠴᠡᠭᠴᠡᠯᠡᠨ ᠰᠠᠶᠢᠵᠢᠷᠠᠭᠤᠯᠬᠤ ᠠᠵᠢᠯ︾ ᠤᠨ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠬᠤᠷᠢᠶ᠎ᠠ ᠶᠢᠨ ᠬᠠᠮᠢᠶ᠎ᠠ ᠪᠦᠬᠦᠢ ᠵᠦᠢᠯᠡᠰ ᠪᠣᠯᠣᠨ | ︽ᠬᠤᠸᠠᠳᠧ ᠰᠢᠶᠠᠨ ᠤ 2025 ᠣᠨ ᠤ ᠲᠦᠷᠦ ᠶᠢᠨ ᠨᠠᠮ ᠤᠨ ᠵᠥᠪᠯᠡᠬᠦ ᠲᠥᠯᠥᠪᠯᠡᠭᠡ ︵ᠬᠢᠨᠠᠨ ᠵᠥᠪᠯᠡᠬᠦ ᠨᠤᠤᠷᠠᠭ︶︾ | ᠂ ︽ᠬᠤᠸᠠᠳᠧ ᠰᠢᠶᠠᠨ ᠤ 2025 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠵᠢᠯ ᠤᠨ ᠲᠥᠯᠥᠪᠯᠡᠭᠡ | ︵ᠬᠢᠨᠠᠨ ᠵᠥᠪᠯᠡᠬᠦ ᠨᠤᠤᠷᠠᠭ︶︾ ᠶᠢ ᠬᠢᠨᠠᠨ ᠵᠥᠪᠯᠡᠪᠡ᠃ 2024 ᠣᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ | ᠵᠣᠬᠢᠴᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ | ᠲᠣᠬᠢᠷᠠᠭᠤᠯᠪᠠ᠃ | ᠬᠤᠷᠠᠯ ᠠᠴᠠ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ | ︽ᠬᠤᠶᠠᠷ ᠭᠤᠶᠢᠪᠢᠰᠢ ᠦᠭᠡᠢ︾ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ | ᠦᠨᠡᠨᠬᠦ ᠴᠢᠩᠭᠠᠳᠬᠠᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠰᠢᠨ᠎ᠡ ᠶᠢ ᠡᠭᠦᠳᠴᠦ ᠬᠤᠪᠢᠷᠠᠯᠲᠠ ᠶᠢ ᠡᠷᠢᠯᠬᠢᠯᠡᠵᠦ᠂ | ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠬᠤ᠂ ᠠᠮᠵᠢᠯᠲᠠ ᠪᠦᠲᠦᠮᠵᠢ ᠪᠠᠷ ᠦᠭᠡ ᠬᠡᠯᠡᠬᠦ᠂ ᠠᠷᠠᠳ ᠲᠦᠮᠡᠨ ᠢᠶᠠᠷ | ᠦᠨᠡᠯᠡᠭᠦᠯᠬᠦ ᠶᠢ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠬᠤᠸᠠᠳᠧ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠷ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠰᠠᠶᠢᠲᠤᠷ | ᠥᠷᠨᠢᠭᠦᠯᠬᠦ ᠶᠢᠨ ᠬᠠᠮᠲᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠴᠡᠭᠴᠡᠯᠡᠨ ᠵᠠᠰᠠᠬᠤ ᠯᠤᠭ᠎ᠠ ᠬᠠᠷᠢᠯᠴᠠᠨ ᠨᠢᠭᠡᠳᠦᠯᠲᠡᠢ ᠲᠥᠯᠥᠪᠵᠢᠭᠦᠯᠵᠦ᠂ ᠪᠦᠬᠦ ᠰᠢᠶᠠᠨ ᠤ ᠨᠠᠮ ᠤᠨ ᠭᠡᠰᠢᠭᠦᠨ | ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠰᠠᠶᠢᠲᠤᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠪᠣᠯ ᠬᠢᠨᠠᠯᠲᠠ | ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ᠂ ᠤᠯᠤᠰ ᠲᠥᠷᠥ ᠶᠢᠨ ᠠᠮᠢ ᠠᠬᠤᠶ ᠶᠢ ᠰᠢᠯᠢᠳᠡᠭᠵᠢᠭᠦᠯᠬᠦ ᠴᠢᠬᠤᠯᠠ | ᠠᠷᠭ᠎ᠠ ᠬᠡᠮᠵᠢᠶ᠎ᠡ ᠮᠥᠨ᠂ ᠡᠯ᠎ᠡ ᠱᠠᠲᠤ ᠡᠯ᠎ᠡ ᠨᠢᠭᠡᠴᠡ ᠶᠢᠨ ᠬᠢᠨ ︽ᠨᠢᠭᠡ ᠬᠥᠯᠭᠡ ᠰᠢᠲᠠᠷ᠎ᠠ︾ ᠶᠢᠨ ᠤᠬᠠᠮᠰᠠᠷ ᠢ ᠪᠠᠲᠤ | ᠪᠠᠬᠢ ᠪᠣᠶ ᠪᠣᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠭᠤᠤᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ | ᠵᠠᠳᠠᠯᠤᠨ ᠰᠤᠳᠤᠯᠵᠤ ᠮᠠᠭᠠᠳᠯᠠᠬᠤ ᠪᠠ ᠰᠢᠯᠵᠢᠭᠦᠯᠦᠨ ᠭᠦᠢᠴᠡᠳᠭᠡᠵᠦ ᠰᠢᠮᠳᠠᠭᠤᠯᠤᠨ ᠭᠦᠢᠴᠡᠳᠬᠡᠯᠭᠡᠬᠦ ᠪᠠᠨ | ᠴᠢᠩᠭᠠᠳᠬᠠᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠬᠢᠨᠠᠯᠲᠠ ᠲᠠᠯᠪᠢᠬᠤ ᠪᠠᠬᠢᠯᠡᠯᠲᠡ ᠶᠢ | ᠨᠡᠪᠲᠡᠷᠡᠭᠦᠯᠵᠦ᠂ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠶᠡᠬᠡᠰᠬᠡᠨ᠂ ᠵᠠᠯᠬᠠᠭᠠᠵᠤ ᠪᠣᠯᠬᠤ ᠰᠡᠷᠭᠡᠶᠢᠯᠡᠵᠦ ᠪᠣᠯᠬᠤ᠂ | ᠰᠠᠯᠭᠠᠵᠤ ᠪᠣᠯᠬᠤ ᠬᠢᠨᠠᠯᠲᠠ ᠲᠠᠯᠪᠢᠬᠤ ᠪᠠᠶᠢᠷᠢᠰᠢᠯ ᠢ ᠪᠣᠶ ᠪᠣᠯᠭᠠᠵᠤ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ | ᠵᠣᠬᠢᠴᠠᠭᠤᠯᠬᠤ ᠲᠣᠭᠲᠠᠴᠠ ᠶᠢᠨ ᠲᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ | ᠬᠤᠪᠢᠷᠠᠭᠤᠯᠬᠤ ᠬᠡᠷᠡᠭᠲᠡᠶ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |