3 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠳ᠋ᠢᠶᠤᠤ ᠴᠦᠨ ᠬᠠᠢ ᠨᠠᠮ ᠤᠨ ᠭᠡᠰᠢᠭᠦᠨ ᠤ ᠬᠤᠪᠢ ᠪᠠᠷ ᠰᠢᠶᠠᠨ ᠤ ᠵᠠᠰᠠᠭ ᠤᠨ ᠣᠷᠳᠣᠨ ᠤ | ᠠᠯᠪᠠᠨ ᠭᠡᠷ ᠤᠨ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ | ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤ ᠰᠤᠷᠤᠯᠴᠠᠨ ᠶᠠᠷᠢᠯᠴᠠᠵᠤ᠂ ᠣᠯᠤᠯᠲᠠ | ᠲᠦᠷᠦᠭᠳᠡᠯ ᠢᠶᠠᠨ ᠰᠣᠯᠢᠯᠴᠠᠵᠤ᠂ ᠬᠠᠮᠲᠤᠪᠠᠷ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠬᠦᠯᠢᠶᠡᠪᠡ᠃ | ᠬᠤᠷᠠᠯ ᠳᠡᠭᠡᠷ᠎ᠡ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠡᠭᠦᠷ ᠤᠨ ᠱᠦᠵᠢ ᠯᠢ ᠬᠤᠩ | ᠮᠢᠨ 2023 ᠣᠨ ᠤ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠨᠠᠮ ᠤᠨ ᠡᠭᠦᠷ ᠢ ᠲᠥᠯᠥᠭᠡᠯᠡᠨ ᠬᠠᠷᠢᠴᠠᠭᠤᠯᠤᠨ | ᠪᠠᠶᠢᠴᠠᠭᠠᠪᠠ᠃ ᠨᠠᠮ ᠤᠨ ᠡᠭᠦᠷ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠨᠢᠭᠡᠳ ᠨᠢᠭᠡ ᠪᠠᠷ ᠶᠠᠷᠢᠶ᠎ᠠ | ᠲᠠᠯᠪᠢᠵᠤ᠂ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ | ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃ ᠡᠭᠦᠨ ᠤ ᠬᠠᠮᠲᠤ ᠨᠠᠮ ᠤᠨ ᠭᠡᠰᠢᠭᠦᠨ ᠺᠠᠳ᠋ᠷᠴᠤᠳ ᠲᠤ ᠠᠷᠠᠳᠴᠢᠯᠠᠯ ᠢᠶᠠᠷ | ᠦᠨᠡᠯᠡᠯᠲᠡ ᠬᠢᠪᠡ᠃ | ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠯᠢᠶᠠᠩ ᠰᠢᠤᠢ ᠡᠦ | ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠳᠤ ᠦᠨᠡᠯᠡᠯᠲᠡ ᠬᠢᠪᠡ᠃ | ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠳ᠋ᠢᠶᠤᠤ ᠴᠦᠨ ᠬᠠᠢ ᠵᠢᠭᠠᠵᠤ ᠭᠠᠷᠭᠠᠭᠰᠠᠨ ᠨᠢ᠂ | ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠪᠣᠯ ᠵᠠᠰᠠᠭ ᠤᠨ ᠣᠷᠳᠣᠨ ᠤ ᠠᠵᠢᠯᠯᠠᠭᠠᠨ ᠤ ᠬᠦᠢᠰᠦ ᠮᠥᠨ᠂ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠡᠯ᠎ᠡ ᠲᠠᠯ᠎ᠠ ᠶᠢ ᠵᠣᠬᠢᠴᠠᠭᠤᠯᠬᠤ᠂ ᠬᠠᠷᠢᠭᠤᠴᠠᠯᠭ᠎ᠠ | ᠬᠦᠨᠳᠦ ᠶᠡᠭᠡ ᠶᠤᠮ᠃ ᠥᠩᠭᠡᠷᠡᠭᠰᠡᠨ ᠨᠢᠭᠡ ᠵᠢᠯ ᠳᠤ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ ︽ᠡᠮᠦᠨ᠎ᠡ ᠬᠠᠷᠠᠭᠤᠯ ᠤᠨ ᠠᠷᠤ | ᠬᠦᠷᠢᠶ᠎ᠡ︾ ᠶᠢᠨ ᠴᠢᠬᠤᠯᠠ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠢᠶᠠᠨ ᠤ ᠵᠠᠰᠠᠭ ᠤᠨ ᠣᠷᠳᠣᠨ ᠤ | ᠥᠨᠳᠥᠷ ᠪᠦᠲᠦᠮᠵᠢᠲᠡᠶ ᠠᠵᠢᠯᠯᠠᠭᠠᠨ ᠪᠠ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ | ᠳ᠋ᠢᠶᠤᠤ ᠴᠦᠨ ᠬᠠᠶ ᠴᠢᠬᠤᠯᠠᠴᠢᠯᠠᠭᠰᠠᠨ ᠨᠢ᠂ ᠨᠢᠭᠡ ᠳᠤ ᠤᠯᠤᠰ ᠲᠥᠷᠥ ᠶᠢ ᠡᠷᠬᠢᠮᠯᠡᠵᠦ᠂ ᠤᠯᠤᠰ ᠲᠥᠷᠥ ᠶᠢᠨ | ᠴᠢᠭᠯᠡᠯ ᠢ ᠪᠠᠲᠤ ᠡᠵᠡᠮᠳᠡᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠬᠤ | ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠬᠠᠨᠳᠤᠯᠭ᠎ᠠ ᠲᠠᠢ ᠪᠠᠷ ᠵᠠᠮᠴᠢᠯᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ | ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠬᠤ ᠬᠡᠷᠡᠭᠲᠡᠢ᠃ ᠵᠥᠪ ᠪᠤᠷᠤᠭᠤ ᠶᠢᠨ ᠡᠮᠦᠨ᠎ᠡ ᠲᠠᠷᠢᠬᠢ ᠲᠣᠯᠣᠭᠠᠢ | ᠰᠡᠷᠭᠡᠭ ᠪᠠᠶᠢᠵᠤ᠂ ᠵᠣᠭᠰᠣᠯᠲᠠ ᠪᠠᠲᠤ ᠪᠠᠶᠢᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ | ᠰᠠᠬᠢᠵᠤ᠂ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ ᠪᠢᠴᠢᠭ ᠮᠠᠲ᠋ᠧᠷᠢᠶᠠᠯ ᠬᠤᠷᠠᠯ ᠤᠨ ᠶᠠᠪᠤᠳᠠᠯ ᠢ | ᠰᠢᠢᠳᠪᠦᠷᠢᠯᠡᠬᠦ ᠳᠤ ᠠᠯᠳᠠᠭ᠎ᠠ ᠪᠤᠷᠤᠭᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠰᠠᠬᠢᠯᠭ᠎ᠠ ᠪᠠᠲᠤ ᠶᠢ | ᠡᠷᠬᠢᠮᠯᠡᠵᠦ᠂ ᠬᠤᠷᠢᠭ᠎ᠠ ᠱᠤᠭᠤᠮ ᠤᠯᠠᠭᠠᠨ ᠱᠤᠭᠤᠮ ᠢ ᠪᠠᠲᠤ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ | ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠨᠠᠮ ᠤᠨ ︽ᠵᠢᠷᠭᠤᠭᠠᠨ ᠰᠠᠬᠢᠯᠭ᠎ᠠ ᠪᠠᠲᠤ︾ ᠪᠣᠯᠤᠨ ᠲᠥᠪ ᠤᠨ | ᠨᠠᠢᠮᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠃ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ | ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠰᠠᠬᠢᠯᠭ᠎ᠠ ᠪᠠᠲᠤ ᠶᠢᠨ | ᠬᠤᠷᠢᠭ᠎ᠠ ᠱᠤᠭᠤᠮ ᠢ ᠰᠠᠬᠢᠵᠤ᠂ ︽ᠨᠠᠢᠮᠠᠨ ᠴᠠᠭ ᠤᠨ ᠭᠠᠳᠠᠨ᠎ᠠ︾ ᠭᠡᠬᠦ ᠦᠭᠡ ᠶᠠᠷᠢᠶ᠎ᠠ ᠦᠢᠯᠡ ᠠᠵᠢᠯᠯᠠᠭ᠎ᠠ ᠶᠢ | ᠵᠢᠷᠤᠮᠵᠢᠭᠤᠯᠵᠤ ᠴᠢᠩᠭ᠎ᠠ ᠪᠣᠳᠠᠲᠠᠢ ᠰᠤᠷᠲᠠᠯ ᠢᠶᠠᠷ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ | ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ | ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠴᠢᠩᠭᠠᠳᠬᠠᠵᠤ᠂ | ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ᠃ ᠦᠰᠦᠭ ᠤᠨ ᠰᠠᠭᠤᠷᠢ ᠶᠢ ᠳᠠᠪᠲᠠᠨ ᠪᠣᠯᠪᠠᠰᠤᠷᠠᠭᠤᠯᠵᠤ᠂ ᠵᠣᠬᠢᠶᠠᠨ ᠪᠢᠴᠢᠬᠦ | ᠬᠢᠷᠢ ᠬᠡᠮᠵᠢᠶ᠎ᠡ ᠪᠠᠨ ᠳᠡᠭᠡᠭᠱᠢᠯᠡᠭᠦᠯᠬᠦ ᠬᠡᠷᠡᠭᠲᠡᠢ᠃ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠠᠷᠢᠭᠤᠴᠠᠯᠭ᠎ᠠ | ᠡᠭᠦᠷᠭᠡᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠲᠤᠬᠠᠶᠢᠯᠠᠭᠰᠠᠨ ᠠᠵᠢᠯ ᠤᠨ | ᠬᠡᠪ ᠰᠤᠷᠲᠠᠯ ᠢ ᠪᠠᠲᠤᠯᠠᠵᠤ᠂ ᠴᠢᠳᠠᠮᠠᠭᠠᠢ ᠪᠠᠷ ᠠᠷᠭ᠎ᠠ ᠰᠦᠪᠡᠭᠴᠢᠯᠡᠨ ᠠᠵᠢᠯᠯᠠᠬᠤ ᠡᠩᠨᠡᠭᠡ ᠶᠢᠨ ᠲᠦᠷᠢ ᠲᠥᠷᠬᠦ ᠶᠢ | ᠳᠠᠪᠲᠠᠨ ᠪᠣᠯᠪᠠᠰᠤᠷᠠᠭᠤᠯᠵᠤ᠂ ︽ᠨᠢᠭᠡ ᠬᠥᠯᠭᠡ ᠰᠢᠳᠠᠷ᠎ᠠ︾ ᠶᠢᠨ ᠰᠡᠳᠬᠢᠬᠦᠢ ᠪᠠᠷ ᠠᠵᠢᠯ ᠢᠶᠠᠨ ᠠᠬᠢᠭᠤᠯᠵᠤ᠂ ᠡᠯ᠎ᠡ | ᠵᠦᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ | ᠬᠡᠷᠡᠭᠲᠡᠢ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |