︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/3/20

     ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 28 ᠤ ᠴᠠᠭᠢᠯᠭᠠᠨ ᠮᠡᠳᠡᠭᠡ 3 ᠰᠠᠷ᠎ᠠ ᠶᠢᠨ 1 ᠤ ᠡᠳᠦᠷ

ᠬᠡᠪᠯᠡᠭᠳᠡᠭᠰᠡᠨ 5 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ

ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ

ᠲᠡᠷᠢᠭᠦᠯᠡᠭᠴᠢ ᠰᠢ ᠶᠢᠨ ᠫᠢᠩ ᠤᠨ ︽ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ ᠰᠠᠶᠢᠲᠤᠷ

ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠵᠣᠬᠢᠶᠠᠯ ᠳᠤ᠂ 2024 ᠣᠨ ᠪᠣᠯ

︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ

ᠨᠢᠭᠡ ᠵᠢᠯ ᠪᠣᠯᠣᠨ᠎ᠠ᠃ ᠭᠠᠳᠠᠭᠠᠳᠤ ᠳᠠᠷᠤᠯᠲᠠ ᠨᠡᠮᠡᠭᠳᠡᠵᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ

ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ

ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ

ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠡᠷᠭᠢᠯᠲᠡ

ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠴᠢᠨᠠᠷ ᠰᠠᠶᠢᠲᠠᠢ

ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠦᠷᠭᠦᠯᠵᠢᠯᠡᠨ

ᠴᠢᠩᠭᠠᠷᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃ ᠨᠢᠭᠡ

ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠨᠢ ᠬᠥᠮᠥᠰ ᠢ

ᠵᠣᠷᠢᠭᠵᠢᠭᠤᠯᠤᠮ᠎ᠠ ᠪᠠᠶᠢᠨ᠎ᠠ᠃ 9 ᠰᠠᠷ᠎ᠠ ᠶᠢᠨ 26 ᠤ ᠡᠳᠦᠷ ᠨᠠᠮ ᠤᠨ ᠲᠥᠪ ᠤᠨ ᠬᠤᠷᠢᠶ᠎ᠠ ᠶᠢᠨ ᠤᠯᠤᠰ ᠲᠥᠷᠥ ᠶᠢᠨ

ᠲᠣᠪᠴᠢᠶᠠᠨ ᠤ ᠬᠤᠷᠠᠯ ᠠᠴᠠ ᠠᠯᠢ ᠤᠯᠠᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠡᠷᠡᠰ ᠰᠢᠭᠤᠷᠬᠠᠢ ᠪᠠᠷ

ᠪᠠᠶᠢᠷᠢᠯᠠᠭᠤᠯᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠪᠠ ᠵᠠᠬ᠎ᠠ ᠳᠡᠯᠭᠡᠭᠦᠷ ᠤᠨ ᠵᠢᠱᠢᠯᠲᠡ᠂

ᠨᠡᠶᠢᠭᠡᠮ ᠤᠨ ᠢᠲᠡᠭᠡᠯ ᠢ ᠪᠦᠲᠦᠮᠵᠢᠲᠡᠶ ᠬᠥᠭᠵᠢᠭᠡᠵᠦ᠂ ᠠᠵᠤ ᠠᠬᠤᠢ ᠢᠯᠡᠳᠲᠡ ᠰᠠᠶᠢᠵᠢᠷᠠᠵᠤ᠂ ᠪᠦᠭᠦ ᠵᠢᠯ ᠤᠨ

ᠬᠠᠷᠠᠯᠲᠠ ᠶᠢᠨ ᠪᠡᠶᠡᠯᠡᠭᠳᠡᠬᠦ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ 2025 ᠣᠨ ᠤ ᠠᠵᠤ ᠠᠬᠤᠢ ᠶᠢᠨ

ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠴᠡᠢ ᠭᠡᠵᠦ ᠴᠢᠬᠤᠯᠠᠴᠢᠯᠠᠪᠠ᠃ ᠵᠣᠬᠢᠶᠠᠯ ᠳᠤ᠂ ᠪᠠᠶᠢᠳᠠᠯ ᠢ

ᠵᠠᠳᠠᠯᠬᠤ ᠳᠤ ︽ᠬᠤᠶᠠᠷ ᠲᠠᠯᠠᠲᠤ ᠤᠨᠤᠯ︾ ᠢ ᠪᠠᠷᠢᠮᠲᠠᠯᠠᠵᠤ᠂ ᠠᠮᠵᠢᠯᠲᠠ ᠪᠠᠨ ᠭᠦᠢᠴᠡᠳ ᠶᠠᠷᠢᠬᠤ ᠪᠠᠷ ᠪᠠᠷᠠᠬᠤ ᠦᠭᠡᠢ

ᠪᠠᠰᠠ ᠠᠰᠠᠭᠤᠳᠠᠯ ᠢ ᠨᠡᠪᠲᠡᠷᠡᠲᠡᠯ᠎ᠡ ᠲᠣᠭᠠᠴᠢᠬᠤ ᠬᠡᠷᠡᠭᠲᠡᠢ᠃ ᠣᠳᠣᠬᠠᠨ ᠳᠤ᠂ ᠭᠠᠳᠠᠭᠠᠳᠤ ᠣᠷᠴᠢᠨ ᠨᠥᠬᠦᠴᠡᠯ ᠤᠨ

ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠭᠦᠨᠵᠡᠭᠡᠶᠢᠷᠡᠵᠦ᠂ ᠮᠠᠨ ᠤ ᠤᠯᠤᠰ ᠤᠨ ᠠᠵᠤ ᠠᠬᠤᠢ ᠶᠢᠨ

ᠡᠷᠭᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠨ᠎ᠠ᠃ ᠡᠭᠦᠨ ᠤ ᠬᠠᠮᠲᠤ᠂ ᠮᠠᠨ ᠤ

ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠣᠯᠠᠨ᠂ ᠤᠶᠠᠨ ᠬᠠᠲᠠᠨ ᠴᠢᠨᠠᠷ ᠴᠢᠩᠭ᠎ᠠ᠂ ᠳᠠᠯᠳᠠ

ᠬᠦᠴᠦᠨ ᠶᠡᠭᠡ᠂ ᠣᠷᠳᠣ ᠬᠤᠭᠤᠴᠠᠭ᠎ᠠ ᠪᠠᠷ ᠰᠠᠶᠢᠵᠢᠷᠠᠬᠤ ᠳᠤ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ

ᠬᠤᠪᠢᠷᠠᠭᠰᠠᠨ ᠦᠭᠡᠢ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠃ ᠢᠲᠡᠭᠡᠯ ᠵᠣᠷᠢᠭ ᠪᠠᠭᠤᠷᠠᠬᠤ ᠦᠭᠡᠢ ᠯᠡ ᠶᠤᠮ

ᠪᠣᠯ ᠠᠷᠭ᠎ᠠ ᠤᠬᠠᠭᠠᠨ ᠶᠠᠭᠠᠬᠢᠯ᠎ᠠ ᠴᠤ ᠭᠡᠰᠡᠨ ᠬᠦᠴᠢᠷ ᠪᠡᠷᠬᠡᠰᠢᠶᠡᠯ ᠠᠴᠠ ᠤᠯᠠᠨ ᠶᠤᠮ᠃ ᠪᠢᠳᠡ ᠬᠦᠴᠢᠷ ᠪᠡᠷᠬᠡᠰᠢᠶᠡᠯ ᠳᠤ

ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ

ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ

ᠭᠠᠷᠭᠠᠪᠠ᠃ ᠵᠣᠬᠢᠶᠠᠯ ᠳᠤ᠂ ᠦᠢᠯᠡᠳᠦᠯᠭᠡ ᠶᠢᠨ ᠳᠤᠮᠳᠠ᠂ ᠪᠢᠳᠡ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ

ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠪᠦᠭᠦ ᠨᠠᠮ ᠢᠶᠠᠷ ᠢᠶᠠᠨ ᠪᠦᠷᠢᠯᠳᠦᠭᠦᠯᠦᠭᠰᠡᠨ

ᠬᠠᠮᠤᠭ ᠤᠨ ᠶᠡᠭᠡ ᠬᠠᠮᠲᠤ ᠶᠢᠨ ᠲᠠᠨᠢᠯᠲᠠ ᠪᠣᠯ᠄ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ

ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠦᠨᠳᠦᠰᠦᠨ ᠪᠠᠲᠤᠯᠠᠭ᠎ᠠ ᠪᠣᠯᠣᠨ᠎ᠠ᠂ ᠵᠠᠩᠭᠢᠯᠠᠭ᠎ᠠ ᠶᠢᠨ

ᠴᠠᠭ ᠮᠥᠴᠡ᠂ ᠴᠢᠬᠤᠯᠠ ᠭᠤᠭᠴᠤᠭ᠎ᠠ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ ᠪᠠᠶᠢᠳᠠᠯ ᠢ ᠰᠤᠳᠤᠯᠤᠨ

ᠮᠠᠭᠠᠳᠯᠠᠵᠤ᠂ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ ᠠᠵᠤ ᠠᠬᠤᠢ ᠶᠢᠨ ᠬᠥᠯᠭᠡ

ᠣᠩᠭᠤᠴᠠ ᠶᠢᠨ ᠰᠠᠯᠬᠢ ᠬᠥᠯᠭᠡᠯᠡᠨ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠬᠤ ᠬᠡᠷᠡᠭᠲᠡᠢ

ᠭᠡᠵᠦ ᠵᠢᠭᠠᠵᠤ ᠭᠠᠷᠭᠠᠪᠠ᠃ ᠵᠣᠬᠢᠶᠠᠯ ᠳᠤ᠂ ᠠᠵᠤ ᠠᠬᠤᠢ ᠶᠢᠨ ᠠᠵᠢᠯ ᠮᠠᠰᠢ ᠤᠯᠠᠨ ᠪᠤᠢ᠂ ᠡᠷᠬᠡᠪᠰᠢ ᠬᠡᠳᠦᠨ ᠴᠢᠬᠤᠯᠠ

ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠨᠢᠭᠡ ᠳᠤ᠂ ᠡᠷᠬᠡᠪᠰᠢ ᠦᠷ᠎ᠡ ᠪᠦᠲᠦᠮᠵᠢᠲᠡᠢ ᠵᠠᠬ᠎ᠠ ᠳᠡᠯᠭᠡᠭᠦᠷ

ᠪᠣᠯᠣᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽

ᠠᠮᠢᠳᠤᠯᠢᠭ ᠪᠤᠯᠭᠠᠵᠤ ᠴᠢᠳᠠᠬᠤ︾ ᠮᠥᠷᠲᠡᠭᠡᠨ ᠪᠠᠰᠠ ︽ᠬᠠᠮᠢᠶᠠᠷᠴᠤ ᠳᠡᠶᠢᠯᠭᠦ︾ ᠠᠵᠤ ᠠᠬᠤᠢ ᠶᠢᠨ ᠡᠮᠬᠢ ᠵᠢᠷᠤᠮ ᠢ ᠪᠤᠢ

ᠪᠤᠯᠭᠠᠬᠤ ᠬᠡᠷᠡᠭᠲᠡᠢ᠃ ᠵᠠᠰᠠᠭ ᠤᠨ ᠣᠷᠳᠣᠨ ᠬᠢᠬᠦ ᠶᠢ ᠨᠢ ᠬᠢᠵᠦ ᠬᠢᠬᠦ ᠦᠭᠡᠢ ᠶᠢ ᠨᠢ ᠦᠯᠦ ᠬᠢᠵᠦ᠂ ᠠᠵᠢᠯ ᠤᠨ ᠪᠠᠶᠢᠷᠢ

ᠳᠤᠲᠠᠭᠳᠠᠬᠤ᠂ ᠡᠷᠬᠡ ᠠᠴᠠ ᠪᠠᠨ ᠳᠠᠪᠠᠭ᠋ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠰᠠᠭ ᠤᠨ ᠣᠷᠳᠣᠨ ᠤ

ᠠᠵᠢᠯᠯᠠᠭ᠎ᠠ ᠬᠡᠳᠦᠢ ᠵᠢᠷᠤᠮᠵᠢᠬᠤ ᠲᠤᠳᠤᠮ ᠵᠠᠬ᠎ᠠ ᠳᠡᠯᠭᠡᠭᠦᠷ ᠤᠨ ᠦᠢᠯᠡᠳᠦᠯ ᠲᠡᠳᠦᠢ ᠪᠦᠲᠦᠮᠵᠢᠲᠡᠢ ᠪᠤᠯᠳᠠᠭ᠃ ᠬᠤᠶᠠᠷ ᠲᠤ

᠂ ᠡᠷᠬᠡᠪᠰᠢ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂

ᠤᠯᠤᠰ ᠠᠷᠠᠳ ᠤᠨ ᠠᠵᠤ ᠠᠬᠤᠢ ᠶᠢᠨ ᠡᠷᠭᠢᠯᠲᠡ ᠶᠢ ᠰᠢᠯᠤᠭᠤᠳᠬᠠᠬᠤ ᠬᠡᠷᠡᠭᠲᠡᠢ᠃ ᠬᠠᠩᠭᠠᠯᠭ᠎ᠠ ᠬᠡᠷᠡᠭᠴᠡᠭᠡ ᠶᠢᠨ ᠬᠤᠶᠠᠷ

ᠲᠠᠯ᠎ᠠ ᠪᠠᠷ ᠬᠠᠮᠵᠢᠯᠴᠠᠨ ᠬᠦᠴᠦᠯᠡᠬᠦ᠂ ᠬᠥᠳᠡᠯᠦᠩᠭᠦᠢ ᠲᠡᠩᠴᠡᠭᠦᠷᠢᠲᠡᠢ ᠪᠠᠶᠢᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ

ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠳᠣᠲᠣᠭᠠᠳᠤ

ᠬᠡᠷᠡᠭᠴᠡᠭᠡ ᠢᠯᠠᠩᠭᠤᠶ᠎ᠠ ᠬᠡᠷᠡᠭᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠳᠣᠲᠣᠭᠠᠳᠤ ᠬᠡᠷᠡᠭᠴᠡᠭᠡ ᠶᠢ ᠠᠵᠤ

ᠠᠬᠤᠢ ᠶᠢᠨ ᠨᠡᠮᠡᠭᠳᠡᠯ ᠢ ᠳᠠᠶᠢᠴᠢᠯᠠᠬᠤ ᠰᠠᠨᠠᠭᠠᠴᠢᠯᠠᠭᠠᠲᠤ ᠬᠦᠴᠦᠨ ᠪᠠ ᠲᠣᠭᠲᠠᠪᠤᠷᠢᠵᠢᠭᠤᠯᠤᠭᠴᠢ ᠪᠤᠯᠭᠠᠬᠤ ᠬᠡᠷᠡᠭᠲᠡᠢ᠃

ᠭᠤᠷᠪᠠ ᠳᠤ᠂ ᠡᠷᠬᠡᠪᠰᠢ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ ᠶᠢ

ᠰᠢᠨᠡᠳᠬᠡᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ

ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ

ᠪᠣᠯᠣᠨ ᠢᠷᠡᠭᠡᠳᠦᠢ ᠶᠢᠨ ᠠᠵᠤ ᠦᠢᠯᠡᠰ ᠢ ᠶᠡᠭᠡ ᠪᠠᠷ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠢ ᠶᠢᠨ ᠨᠡᠮᠡᠭᠳᠡᠯ

ᠪᠣᠯᠣᠨ ᠠᠵᠢᠯ ᠣᠯᠭᠤᠯᠲᠠ ᠶᠢᠨ ᠣᠷᠣᠯᠭ᠎ᠠ ᠶᠢᠨ ᠦᠨᠳᠦᠰᠦᠨ ᠲᠦᠰᠢᠭ ᠪᠤᠯᠬᠤ ᠤᠯᠠᠮᠵᠢᠯᠠᠯᠲᠤ ᠠᠵᠤ ᠦᠢᠯᠡᠰ ᠢ

ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠬᠠᠭᠤᠴᠢᠨ ᠬᠥᠭᠵᠢᠯᠲᠡ ᠶᠢᠨ ᠬᠥᠳᠡᠯᠭᠡᠬᠦ

ᠡᠨᠧᠷᠭᠢ ᠶᠢᠨ ᠲᠣᠭᠲᠠᠭᠤᠨ ᠢᠶᠠᠷ ᠵᠠᠯᠭᠠᠯᠳᠤᠨ ᠰᠣᠯᠢᠭᠳᠠᠬᠤ ᠶᠢ ᠠᠬᠢᠭᠤᠯᠬᠤ ᠬᠡᠷᠡᠭᠲᠡᠢ᠃ ᠳᠥᠷᠪᠡ ᠳᠤ᠂ ᠡᠷᠬᠡᠪᠰᠢ

ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂

ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠠᠰᠢᠭ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠨᠥᠭᠡᠴᠡ ᠶᠢ

ᠠᠮᠢᠳᠤᠯᠢᠭᠵᠢᠭᠤᠯᠬᠤ ᠪᠠᠷ ᠳᠠᠮᠵᠢᠭᠤᠯᠤᠨ ᠨᠡᠮᠡᠭᠳᠡᠯ ᠢ ᠳᠠᠶᠢᠴᠢᠯᠠᠬᠤ ᠳᠠᠭᠠᠨ ᠴᠢᠳᠠᠮᠠᠭᠠᠢ ᠪᠠᠶᠢᠵᠤ᠂ ᠨᠡᠮᠡᠭᠳᠡᠯ ᠢ

ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ᠂ ᠡᠳ᠋ ᠬᠥᠷᠥᠩᠭᠡ ᠶᠢ ᠰᠠᠶᠢᠲᠤᠷ ᠬᠠᠮᠢᠶᠠᠷᠬᠤ ᠪᠠ ᠥᠷᠢ

ᠥᠭᠴᠡᠭᠡ ᠶᠢ ᠲᠣᠬᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠬᠦ

ᠬᠡᠷᠡᠭᠲᠡᠢ᠃ ᠲᠠᠪᠤ ᠳᠤ᠂ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ

ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠣᠳᠠᠰ ᠤᠨ

ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠶᠠᠰᠤ ᠴᠢᠨᠠᠷ ᠢᠶᠠᠷ ᠣᠷᠦ᠋ᠢᠯᠠᠬᠤ ᠪᠠ ᠬᠡᠪᠴᠢᠶᠡᠲᠦ ᠦᠢᠯᠡᠳᠦᠯ ᠢ ᠪᠠᠳᠠᠷᠠᠭᠤᠯᠬᠤ ᠶᠢ

ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ

ᠵᠣᠬᠢᠰᠲᠠᠢ ᠨᠡᠮᠡᠭᠳᠡᠯ ᠢ ᠴᠢᠨᠠᠷ ᠰᠠᠶᠢᠲᠠᠢ ᠬᠥᠭᠵᠢᠯᠲᠡ ᠶᠢᠨ ᠪᠦᠭᠦ ᠶᠠᠪᠤᠴᠠ ᠳᠤ ᠨᠢᠭᠡᠳᠬᠡᠬᠦ ᠬᠡᠷᠡᠭᠲᠡᠢ ᠭᠡᠵᠦ ᠵᠢᠭᠠᠵᠤ

ᠭᠠᠷᠭᠠᠪᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ

ᠪᠡᠯᠡᠳᠭᠡᠭᠰᠡᠨ ᠨᠢ᠄ ᠭᠠᠩᠭ᠎ᠠ

 

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2