ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 2 ᠤᠨ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠶᠢ | ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ | ᠣᠷᠴᠢᠨ ᠨᠥᠬᠦᠴᠡᠯ ᠪᠣᠯᠣᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠡᠭᠡ ᠬᠠᠨᠳᠤᠰᠢ ᠶᠢ ᠠᠵᠢᠭᠯᠠᠬᠤ᠂ ᠪᠦᠭᠦ ᠲᠠᠯ᠎ᠠ ᠶᠢ ᠲᠥᠯᠥᠪᠵᠢᠭᠦᠯᠬᠦ᠂ ᠪᠣᠳᠠᠲᠠᠢ ᠠᠵᠢᠯ ᠬᠢᠬᠦ ᠶᠢ ᠪᠠᠷᠢᠮᠲᠠᠯᠠᠵᠤ᠂ | ᠠᠵᠤ ᠠᠬᠤᠢ ᠶᠢᠨ ᠠᠵᠢᠯ ᠳᠠᠬᠢ ᠨᠠᠮ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠣᠨ ᠨᠢᠭᠡᠳᠦᠯᠲᠡᠢ | ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠲᠠᠢ | ᠲᠠᠨᠢᠯᠲᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ | ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠥᠲᠥᠯᠥᠨ | ᠳᠠᠭᠠᠭᠤᠯᠵᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠵᠤ᠂ | ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠪᠦᠷᠢᠯᠳᠦᠭᠦᠯᠪᠡ᠃ ᠰᠢ ᠶᠢᠨ ᠫᠢᠩ ᠤᠨ ᠠᠵᠤ ᠠᠬᠤᠢ ᠶᠢᠨ | ᠦᠵᠡᠯ ᠰᠠᠨᠠᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢᠨ ᠴᠢᠬᠤᠯᠠ ᠪᠦᠷᠢᠯᠳᠦᠭᠦᠨ ᠮᠥᠨ᠂ ᠰᠢᠨ᠎ᠡ ᠴᠠᠭ ᠦᠶ᠎ᠡ ᠶᠢᠨ ᠠᠵᠤ ᠠᠬᠤᠢ ᠶᠢᠨ | ᠬᠥᠭᠵᠢᠯᠲᠡ ᠶᠢᠨ ᠦᠢᠯᠡᠳᠦᠯᠭᠡ ᠶᠢᠨ ᠲᠤᠷᠰᠢᠯᠭ᠎ᠠ ᠶᠢᠨ ᠰᠢᠰᠲ᠋ᠧᠮᠲᠦ ᠣᠨᠣᠯ ᠤᠨ ᠬᠤᠷᠢᠶᠠᠩᠭᠤᠶᠢᠯᠠᠯ ᠮᠥᠨ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠨᠡᠶᠢᠭᠡᠮ ᠵᠢᠷᠤᠮ ᠤᠨ ᠠᠵᠤ ᠠᠬᠤᠢ ᠶᠢᠨ ᠬᠥᠭᠵᠢᠯᠲᠡ ᠶᠢᠨ ᠵᠠᠮ ᠢ ᠴᠥᠬᠦᠷᠡᠰᠢ ᠦᠭᠡᠢ | ᠬᠠᠶᠢᠨ ᠰᠦᠪᠡᠭᠴᠢᠯᠡᠵᠦ ᠪᠦᠷᠢᠯᠳᠦᠭᠦᠯᠦᠭᠰᠡᠨ ᠡᠷᠬᠢᠮ ᠨᠠᠨᠳᠢᠨ ᠦᠵᠡᠯ ᠰᠠᠨᠠᠭᠠᠨ ᠤ ᠣᠭᠢ ᠪᠦᠲᠦᠭᠡᠯ ᠮᠥᠨ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠠᠵᠤ ᠠᠬᠤᠢ ᠶᠢᠨ ᠤᠬᠠᠭᠠᠨ ᠤ ᠰᠢᠨ᠎ᠡ ᠠᠬᠤᠢ | ᠪᠠᠶᠢᠳᠠᠯ ᠢ ᠨᠡᠭᠡᠭᠡᠵᠦ᠂ ᠮᠠᠷᠺᠰ ᠤᠨ ᠦᠵᠡᠯ ᠤᠨ ᠤᠯᠤᠰ ᠲᠥᠷᠥ ᠠᠵᠤ ᠠᠬᠤᠢ ᠶᠢᠨ ᠤᠬᠠᠭᠠᠨ ᠢ ᠪᠠᠶᠠᠯᠢᠭᠵᠢᠭᠤᠯᠤᠨ | ᠬᠥᠭᠵᠢᠭᠦᠯᠬᠦ ᠳᠤ ᠴᠢᠬᠤᠯᠠ ᠪᠦᠲᠦᠭᠡᠯᠴᠢ ᠴᠢᠨᠠᠷᠲᠠᠢ ᠬᠤᠪᠢ ᠨᠡᠮᠡᠷᠢ ᠦᠵᠡᠭᠦᠯᠵᠦ᠂ ᠮᠠᠨ ᠤ ᠤᠯᠤᠰ ᠤᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠦᠨᠳᠦ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠰᠢᠨᠵᠢᠯᠡᠬᠦ | ᠤᠬᠠᠭᠠᠨᠴᠢ ᠪᠠᠷ ᠠᠷᠭᠠᠴᠠᠭᠠᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠦᠵᠡᠯ ᠰᠠᠨᠠᠭᠠᠨ ᠤ ᠬᠤᠷᠴᠠ ᠵᠡᠪᠰᠡᠭ ᠬᠠᠩᠭᠠᠪᠠ᠃ ︽ᠰᠢ ᠶᠢᠨ ᠫᠢᠩ ᠤᠨ ᠠᠵᠤ ᠠᠬᠤᠢ ᠶᠢᠨ | ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠳᠤ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠠᠴᠠ | 2024 ᠣᠨ ᠤ 12 ᠰᠠᠷ᠎ᠠ ᠪᠤᠯᠲᠠᠯᠠᠭᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠬᠠᠮᠤᠭ ᠤᠨ | ᠴᠢᠬᠤᠯᠠ᠂ ᠬᠠᠮᠤᠭ ᠤᠨ ᠦᠨᠳᠦᠰᠦᠨ ᠵᠣᠬᠢᠶᠠᠯ ᠢ ᠣᠷᠣᠭᠤᠯᠵᠤ᠂ ᠴᠠᠭ ᠤᠨ ᠳᠠᠷᠠᠭᠠᠯᠠᠯ ᠢᠶᠠᠷ ᠨᠠᠶᠢᠷᠠᠭᠤᠯᠤᠨ ᠵᠢᠭᠰᠠᠭᠠᠵᠤ᠂ | ᠢᠯᠡᠳᠬᠡᠯ᠂ ᠶᠠᠷᠢᠶ᠎ᠠ᠂ ᠶᠠᠷᠢᠶ᠎ᠠ ᠢᠯᠡᠳᠬᠡᠯ᠂ ᠵᠢᠭᠠᠪᠤᠷᠢ᠂ ᠴᠣᠬᠤᠯᠠᠪᠤᠷᠢ ᠵᠡᠷᠭᠡ 74 ᠵᠣᠬᠢᠶᠠᠯ ᠪᠤᠢ᠃ ᠬᠡᠰᠡᠭ ᠵᠣᠬᠢᠶᠠᠯ ᠢ | ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃ ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ | ᠶᠢᠨ ᠨᠢᠭᠡᠳᠦᠭᠡᠷ ᠪᠣᠳᠢ ᠶᠢ ᠬᠡᠪᠯᠡᠨ ᠲᠠᠷᠬᠠᠭᠠᠭᠰᠠᠨ ᠨᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠬᠤ ᠳᠤ ᠡᠷᠬᠡ ᠰᠦᠷᠲᠦ ᠵᠢᠭᠠᠬᠤ ᠮᠠᠲ᠋ᠧᠷᠢᠶᠠᠯ ᠬᠠᠩᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ︽ | ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ | ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ | ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | | ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ | ᠪᠡᠯᠡᠳᠭᠡᠭᠰᠡᠨ ᠨᠢ᠄ ᠭᠠᠩᠭ᠎ᠠ | |