3 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠠᠷᠪᠠᠨ | ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ | 12 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ | ᠬᠤᠷᠠᠯ ᠠᠴᠠ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ ︵ᠬᠢᠨᠠᠨ ᠵᠥᠪᠯᠡᠬᠦ ᠨᠤᠤᠷᠠᠭ︶︾ ᠢ ᠬᠢᠨᠠᠨ ᠵᠥᠪᠯᠡᠪᠡ᠃ | ᠬᠤᠷᠠᠯ ᠠᠴᠠ᠂ ᠲᠤᠰ ᠤᠳᠠᠭᠠᠨ ᠤ ᠰᠤᠷᠤᠯᠴᠠᠯᠭ᠎ᠠ ᠬᠥᠮᠦᠵᠢᠯ ᠤᠨ ᠴᠠᠭ ᠪᠠᠴᠢᠮ᠂ ᠡᠭᠦᠷᠭᠡ ᠬᠦᠨᠳᠦ᠂ | ᠱᠠᠭᠠᠷᠳᠠᠯᠭ᠎ᠠ ᠥᠨᠳᠥᠷ ᠪᠠᠶᠢᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠢ ᠲᠥᠯᠥᠪᠵᠢᠭᠦᠯᠦᠨ | ᠪᠠᠶᠢᠷᠢᠯᠠᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠵᠤ᠂ ᠡᠯ᠎ᠡ ᠵᠦᠢᠯ ᠤᠨ ᠡᠭᠦᠷᠭᠡ ᠪᠠᠨ ᠯᠠᠪᠳᠠᠭᠤᠨ | ᠪᠠᠲᠤᠲᠠᠢ ᠪᠡᠶᠡᠯᠡᠭᠦᠯᠬᠦ ᠬᠡᠷᠡᠭᠲᠡᠢ᠃ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ︽ᠨᠢᠭᠡ ᠠᠵᠢᠯ ᠤᠨ | ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠰᠠᠶᠢᠲᠤᠷ ᠭᠦᠢᠴᠡᠳᠬᠡᠵᠦ᠂ ᠰᠤᠷᠤᠯᠴᠠᠯᠭ᠎ᠠ | ᠬᠥᠮᠦᠵᠢᠯ ᠢ ᠪᠣᠳᠠᠲᠠᠢ ᠠᠳᠬᠤᠵᠤ ᠪᠣᠳᠠᠲᠠᠢ ᠠᠳᠬᠤᠬᠤ ᠶᠢ ᠪᠠᠲᠤᠯᠠᠬᠤ ᠬᠡᠷᠡᠭᠲᠡᠢ᠃ ᠰᠤᠷᠤᠯᠴᠠᠬᠤ ᠡᠭᠦᠷᠭᠡ ᠶᠢ | ᠨᠠᠶᠢᠳᠠᠪᠤᠷᠢᠵᠢᠭᠤᠯᠬᠤ ᠶᠠᠪᠤᠴᠠ ᠳᠤ᠂ ᠬᠡᠯᠪᠡᠷᠢ ᠶᠢᠨ ᠦᠵᠡᠯ ᠢ ᠴᠢᠩᠭ᠎ᠠ ᠴᠡᠭᠡᠷᠯᠡᠵᠦ᠂ ︽ᠬᠤᠶᠠᠷ ᠲᠠᠯ᠎ᠠ︾ ᠠᠴᠠ | ᠰᠡᠷᠭᠡᠶᠢᠯᠡᠵᠦ᠂ ᠲᠥᠪ ᠴᠢᠩᠭ᠎ᠠ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠬᠠᠰᠢ ᠶᠠᠰᠢ ᠪᠠᠷ ᠥᠩᠭᠡᠷᠡᠭᠦᠯᠬᠦ ᠶᠢ ᠡᠷᠡᠰ | ᠰᠡᠷᠭᠡᠶᠢᠯᠡᠨ᠎ᠡ᠃ ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠲᠤᠪᠤᠶᠢᠯᠭᠠᠵᠦ᠂ | ᠮᠤᠵᠢᠭᠤᠳᠠ ᠤᠯᠠᠨ ᠡᠭᠦᠰᠬᠦ ︽ᠲᠦᠷᠪᠡᠨ ᠰᠤᠷᠲᠠᠯ︾ ᠤᠨ ᠠᠰᠠᠭᠤᠳᠠᠯ᠂ ᠰᠢᠨ᠎ᠡ ᠪᠠᠷ ᠢᠯᠡᠷᠡᠭᠰᠡᠨ ᠲᠠᠯᠳᠠ | ᠬᠤᠪᠢᠷᠠᠯᠲᠠ ᠠᠰᠠᠭᠤᠳᠠᠯ᠂ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠬᠠᠨᠳᠤᠯᠭᠠᠲᠤ ᠴᠢᠨᠠᠷᠲᠠᠢ ᠪᠠᠷ ᠲᠡᠭᠦᠯᠳᠡᠷᠵᠢᠭᠦᠯᠵᠦ᠂ | ᠵᠠᠯᠠᠷᠠᠭᠤᠯᠬᠤ ᠪᠠ ᠪᠤᠢ ᠪᠣᠯᠭᠠᠬᠤ ᠶᠢ ᠵᠡᠷᠭᠡᠪᠡᠷ ᠠᠳᠬᠤᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠡᠪ ᠵᠠᠩᠰᠢᠯ ᠪᠣᠯᠭᠠᠬᠤ ᠶᠢ ᠠᠬᠢᠭᠤᠯᠬᠤ ᠬᠡᠷᠡᠭᠲᠡᠢ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |