ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠭᠤᠷᠬᠠᠢ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2025/3/24

     ᠡᠨᠡ ᠵᠢᠯ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠢ ᠶᠢᠨ ᠫᠢᠩ ᠤᠨ

ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠮᠢ ᠠᠬᠤᠶ ᠶᠢᠨ ᠪᠣᠯᠪᠠᠰᠤᠨ ᠤ

ᠪᠠᠶᠢᠭᠤᠯᠤᠯᠲᠠ ᠶᠢ ᠴᠢᠩᠭᠠᠳᠬᠠᠬᠤ ᠶᠢᠨ ᠲᠦᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂

︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠮᠢ

ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠮᠥᠷᠥᠨ

ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠦᠷ᠎ᠡ

ᠪᠦᠲᠦᠮᠵᠢ ᠳᠡᠭᠡᠷ᠎ᠡ ᠪᠠᠨ ᠢᠯᠡᠷᠡᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ

ᠬᠥᠭᠵᠢᠭᠦᠯᠬᠦ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠠᠭᠤᠷᠬᠠᠶ ᠶᠢᠨ ᠠᠮᠢ ᠠᠬᠤᠶ ᠶᠢᠨ ᠣᠷᠴᠢᠨ

ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ

ᠤᠰᠤ ᠪᠠᠨ ᠡᠷᠡᠰ ᠰᠠᠶᠢᠲᠤᠷ ᠬᠠᠮᠠᠭᠠᠯᠠᠨ᠎ᠠ᠃

    ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠯᠤᠰ ᠲᠥᠷᠥ ᠶᠢᠨ ᠵᠣᠭᠰᠣᠴᠠ ᠪᠠᠨ

ᠳᠡᠭᠡᠭᠰᠢᠯᠡᠭᠦᠯᠵᠦ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠪᠥᠬᠦ

ᠬᠦᠴᠦᠨ ᠢᠶᠠᠷ ᠢᠶᠠᠨ ᠠᠬᠢᠭᠤᠯᠵᠤ᠂ ᠵᠢᠷᠤᠭ ᠲᠥᠯᠥᠪᠯᠡᠭᠡ ᠶᠢᠨ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂

ᠡᠵᠡᠨ ᠥᠬᠡᠶ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠶᠠᠰᠤ

ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠴᠠᠭ ᠲᠤᠬᠠᠶ ᠳᠤᠨᠢ ᠪᠡᠶᠡᠯᠡᠭᠦᠯᠵᠦ᠂ ᠰᠢᠶᠠᠨ ᠤ ᠣᠶ ᠰᠢᠭᠤᠶ ᠡᠪᠡᠰᠦ

ᠪᠡᠯᠴᠢᠭᠡᠷ ᠤᠨ ᠲᠣᠪᠴᠢᠶ᠎ᠠ ᠨᠢᠭᠲᠠ ᠬᠠᠮᠵᠢᠯᠴᠠᠨ᠂ ᠪᠣᠷᠣᠭᠠᠨ ᠤ ᠤᠯᠠᠷᠢᠯ ᠳᠤ ᠤᠷᠭᠤᠮᠠᠯ ᠤᠨ ᠬᠤᠴᠢᠯᠭ᠎ᠠ ᠶᠢ

ᠰᠡᠷᠭᠦᠭᠡᠵᠦ᠂ ᠡᠪᠡᠰᠦᠨ ᠦᠷ᠎ᠡ ᠰᠠᠴᠤᠵᠤ᠂ ᠨᠢᠭᠡ ᠶᠢ ᠵᠠᠰᠠᠵᠤ᠂ ᠨᠢᠭᠡ ᠶᠢ ᠦᠷ᠎ᠡ ᠪᠦᠲᠦᠮᠵᠢ ᠭᠠᠷᠭᠠᠬᠤ ᠶᠢ ᠦᠨᠡᠨᠬᠦ

ᠪᠠᠲᠤᠯᠠᠬᠤ ᠬᠡᠷᠡᠭᠲᠡᠶ᠃

    ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ

ᠵᠡᠷᠭᠡ ᠰᠠᠯᠠᠭ᠎ᠠ ᠮᠥᠴᠢᠷ ᠤᠳ ᠠᠭᠤᠷᠬᠠᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ

ᠥᠷᠨᠢᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠭᠤᠷᠬᠠᠶ ᠶᠢᠨ

ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠲᠣᠭᠤᠷᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠪᠠᠨ

ᠦᠷᠭᠦᠯᠵᠢᠯᠡᠨ ᠴᠢᠩᠭᠠᠳᠬᠠᠵᠤ᠂ ᠬᠠᠤᠯᠢ ᠪᠤᠰᠤ ᠪᠠᠷ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ

ᠮᠠᠯᠲᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ

ᠰᠢᠢᠳᠪᠦᠷᠢᠯᠡᠵᠦ᠂ ᠠᠭᠤᠷᠬᠠᠶ ᠶᠢ ᠬᠠᠤᠯᠢ ᠶᠣᠰᠣᠭᠠᠷ ᠰᠠᠶᠢᠲᠤᠷ ᠴᠡᠭᠴᠡᠯᠡᠨ ᠵᠠᠰᠠᠵᠤ᠂ ᠠᠮᠢ ᠠᠬᠤᠶ ᠶᠢ ᠰᠡᠷᠭᠦᠭᠡᠨ

ᠵᠠᠰᠠᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠨ ᠵᠠᠰᠠᠬᠤ ᠦᠷ᠎ᠡ

ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠤᠳ

ᠠᠭᠤᠷᠬᠠᠶ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠣᠷᠴᠢᠨ ᠲᠣᠭᠤᠷᠢᠨ ᠢ ᠵᠠᠰᠠᠬᠤ ᠬᠠᠷᠢᠭᠤᠴᠠᠯᠭ᠎ᠠ ᠶᠢ

ᠦᠨᠡᠨᠬᠦ ᠡᠭᠦᠷᠭᠡᠯᠡᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠯᠭᠡᠵᠦ᠂ ︽ᠬᠡᠨ

ᠨᠡᠭᠡᠭᠡᠨ ᠮᠠᠯᠲᠠᠪᠠᠯ ᠬᠡᠨ ᠵᠠᠰᠠᠬᠤ᠂ ᠨᠡᠭᠡᠭᠡᠨ ᠮᠠᠯᠲᠠᠬᠤ ᠶᠢᠨ ᠳᠠᠭᠠᠤ ᠵᠠᠰᠠᠬᠤ︾ ᠵᠠᠷᠴᠢᠮ ᠶᠣᠰᠣᠭᠠᠷ᠂ ᠠᠭᠤᠷᠬᠠᠶ ᠶᠢᠨ

ᠣᠷᠴᠢᠨ ᠲᠣᠭᠤᠷᠢᠨ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠭᠤᠷᠬᠠᠶ ᠶᠢ ᠵᠠᠰᠠᠬᠤ᠂ ᠠᠭᠤᠷᠬᠠᠶ ᠶᠢᠨ

ᠠᠮᠢ ᠠᠬᠤᠶ ᠶᠢ ᠰᠡᠷᠭᠦᠭᠡᠬᠦ ᠵᠡᠷᠭᠡ ᠠᠵᠢᠯ ᠢ ᠰᠠᠶᠢᠲᠤᠷ ᠠᠳᠬᠤᠵᠤ᠂ ᠠᠮᠢ ᠠᠬᠤᠶ ᠶᠢᠨ ᠠᠮᠤᠷ ᠲᠦᠪᠰᠢᠨ ᠤ

ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2