ᠬᠤᠸᠠᠳᠧ ᠰᠢᠶᠠᠨ ᠪᠣᠯᠤᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠪᠤᠯᠤᠳ ᠲᠡᠮᠤᠷ ᠤᠨ ᠬᠤᠯᠪᠣᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠣᠯᠭᠠᠭᠤᠯᠬᠤ ᠵᠥᠪᠳᠡᠯᠴᠡᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/25

     3 ᠰᠠᠷ᠎ᠠ ᠶᠢᠨ 24 ᠤ ᠡᠳᠦᠷ᠂ ᠬᠤᠸᠠᠳᠧ ᠰᠢᠶᠠᠨ ᠪᠣᠯᠤᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ

ᠪᠤᠯᠤᠳ ᠲᠡᠮᠤᠷ ᠤᠨ ᠬᠤᠯᠪᠣᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠣᠯᠭᠠᠭᠤᠯᠬᠤ

ᠵᠥᠪᠳᠡᠯᠴᠡᠬᠡᠷ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂

ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠷᠦᠩ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

1742904397325049324.png

    ᠵᠥᠪᠳᠡᠯᠴᠡᠭᠡᠷ ᠤᠨ ᠬᠤᠷᠠᠯ ᠳᠡᠭᠡᠷ᠎ᠡ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠪᠤᠯᠤᠳ ᠲᠡᠮᠤᠷ ᠤᠨ

ᠬᠤᠯᠪᠣᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠤᠳᠠᠯᠳᠤᠨ ᠠᠪᠬᠤ ᠲᠥᠪ ᠤᠨ ᠳᠡᠳ᠋

ᠳᠠᠭᠠᠭᠠᠮᠠᠯ ᠸᠠᠩ ᠵᠤᠤ ᠬᠤᠢ ᠺᠣᠮᠫᠠᠨᠢ ᠶᠢᠨ ᠬᠥᠭᠵᠢᠯᠲᠡ ᠶᠢᠨ ᠣᠳᠣᠬᠢ ᠪᠠᠶᠢᠳᠠᠯ᠂ ᠢᠷᠡᠭᠡᠳᠦᠢ ᠶᠢᠨ ᠲᠥᠯᠥᠪᠵᠢᠭᠦᠯᠭᠡ

ᠵᠢᠴᠢ ᠬᠤᠳᠠᠯᠳᠤᠨ ᠠᠪᠬᠤ ᠬᠡᠷᠡᠭᠴᠡᠭᠡ ᠶᠢ ᠨᠠᠷᠢᠨ ᠲᠠᠨᠢᠯᠴᠠᠭᠤᠯᠪᠠ᠃ ᠮᠠᠨ ᠤ ᠰᠢᠶᠠᠨ ᠤ ᠲᠡᠮᠦᠷ ᠤᠨ ᠬᠠᠶᠢᠯᠤᠰᠢ ᠶᠢᠨ

ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ᠂ ᠦᠢᠯᠡᠳᠬᠦᠨ ᠤ

ᠣᠨᠴᠠᠯᠢᠭ ᠪᠠ ᠮᠡᠷᠭᠡᠵᠢᠯ ᠤᠨ ᠳᠠᠪᠠᠭᠤᠯᠢᠭ ᠵᠡᠷᠭᠡ ᠲᠠᠯ᠎ᠠ ᠪᠠᠷ ᠲᠣᠰ ᠲᠣᠰ ᠲᠠᠨᠢᠯᠴᠠᠭᠤᠯᠤᠭᠰᠠᠨ ᠪᠥᠭᠡᠳ

ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠪᠣᠯᠣᠳ ᠲᠡᠮᠦᠷ ᠤᠨ ᠬᠤᠯᠪᠣᠭᠠᠨ ᠤ ᠬᠤᠪᠢ ᠣᠷᠣᠭᠤᠯᠤᠭᠰᠠᠨ

ᠬᠢᠵᠠᠭᠠᠷᠲᠤ ᠺᠣᠮᠫᠠᠨᠢ ᠲᠠᠢ ᠬᠠᠮᠲᠤᠷᠠᠨ ᠠᠵᠢᠯᠯᠠᠬᠤ ᠪᠠᠲᠤ ᠴᠢᠩᠭ᠎ᠠ ᠬᠦᠰᠡᠯ ᠡᠷᠡᠮᠡᠯᠵᠡᠯ ᠢᠶᠠᠨ ᠢᠯᠡᠳᠬᠡᠪᠡ᠃ ᠬᠤᠶᠠᠷ

ᠲᠠᠯ᠎ᠠ ᠪᠠᠷ ᠢᠶᠠᠨ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠨ

ᠵᠥᠪᠳᠡᠯᠴᠡᠪᠡ᠃

    ᠯᠢᠦ ᠷᠦᠩ ᠬᠤᠸᠠ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠪᠤᠯᠤᠳ ᠲᠡᠮᠤᠷ ᠤᠨ ᠬᠤᠯᠪᠣᠭᠠᠨ ᠤ

ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ

ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ᠂ ᠲᠣᠰ ᠤᠳᠠᠭᠠᠨ ᠤ ᠵᠣᠯᠭᠠᠭᠤᠯᠬᠤ ᠵᠥᠪᠳᠡᠯᠴᠡᠬᠡᠷ ᠤᠨ ᠬᠤᠷᠠᠯ ᠪᠣᠯ

ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠵᠠ

ᠲᠣᠬᠢᠶᠠᠯ ᠮᠥᠨ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠵᠥᠪᠳᠡᠨ ᠶᠠᠷᠢᠯᠴᠠᠬᠤ ᠬᠤᠷᠠᠯ ᠢᠶᠠᠷ ᠭᠠᠷᠤᠭ᠎ᠠ

ᠪᠣᠯᠭᠠᠵᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠭᠦᠨᠵᠡᠭᠡᠶᠢᠷᠡᠭᠦᠯᠵᠦ᠂

ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ

ᠭᠠᠷᠭᠠᠪᠠ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠬᠠᠮᠲᠤᠷᠠᠯᠴᠠᠭᠠᠨ ᠤ ᠲᠠᠪᠴᠠᠩ ᠢ

ᠢᠳᠡᠪᠬᠢᠲᠡᠢ ᠪᠠᠶᠢᠭᠤᠯᠵᠤ᠂ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠤᠭᠤᠷᠣᠨᠳᠣᠬᠢ

ᠭᠦᠨᠵᠡᠭᠡᠢ ᠬᠠᠮᠲᠤᠷᠠᠯᠴᠠᠭ᠎ᠠ᠂ ᠬᠠᠮᠲᠤᠪᠠᠷ ᠬᠥᠭᠵᠢᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂

ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ᠃

    ᠸᠠᠩ ᠵᠤᠤ ᠬᠤᠢ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠪᠤᠯᠤᠳ ᠲᠡᠮᠤᠷ ᠤᠨ ᠬᠤᠯᠪᠣᠭᠠᠨ ᠤ ᠲᠤᠰ

ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠶᠠᠨ ᠤ ᠳᠣᠲᠣᠷᠠᠬᠢ ᠲᠡᠮᠦᠷ ᠤᠨ ᠬᠠᠶᠢᠯᠤᠰᠢ ᠶᠢᠨ ᠠᠵᠤ

ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠤᠯᠤᠳ ᠲᠡᠮᠤᠷ ᠵᠢᠴᠢ ᠲᠡᠮᠦᠷ ᠤᠨ ᠬᠠᠶᠢᠯᠤᠰᠢ ᠶᠢᠨ

ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠣᠷᠣᠨ ᠨᠤᠲᠤᠭ ᠤᠨ ᠠᠵᠤ

ᠠᠬᠤᠢ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃

    ᠰᠢᠶᠠᠨ ᠤ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂

ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠵᠢᠴᠢ ᠡᠯ᠎ᠡ ᠲᠡᠮᠦᠷ ᠤᠨ ᠬᠠᠶᠢᠯᠤᠰᠢ ᠶᠢᠨ ᠠᠵᠤ

ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2