ᠬᠤᠸᠠᠳᠧ ᠰᠢᠶᠠᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2025/3/26

    ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ

ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ

ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠃ 3

ᠰᠠᠷ᠎ᠠ ᠶᠢᠨ 26 ᠤ ᠡᠳᠦᠷ᠂ ᠬᠤᠸᠠᠳᠧ ᠰᠢᠶᠠᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ

ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ

ᠠᠩᠬᠢ ᠶᠢ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠰᠤᠷᠤᠯᠭ᠎ᠠ ᠡᠬᠢᠯᠡᠬᠦ

ᠶᠣᠰᠣᠯᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠰᠢᠶᠠᠨ ᠤ ᠳᠥᠷᠪᠡᠨ ᠶᠡᠭᠡ ᠪᠠᠭ ᠤᠨ ᠪᠦᠷᠢᠯᠳᠦᠬᠦᠨ ᠨᠣᠮ

ᠤᠩᠰᠢᠬᠤ ᠠᠩᠭᠢ ᠳᠤ ᠣᠷᠣᠯᠴᠠᠨ᠎ᠠ᠃

1743170739015042742.jpg

    ᠠᠩᠭᠢ ᠡᠬᠢᠯᠡᠬᠦ ᠶᠣᠰᠣᠯᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ

ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠲᠡᠷᠡ᠂ ᠲᠤᠰ ᠤᠳᠠᠭ᠎ᠠ ᠶᠢᠨ ᠨᠣᠮ ᠤᠩᠰᠢᠬᠤ ᠠᠩᠬᠢ ᠶᠢ ᠡᠷᠬᠢᠯᠡᠬᠦ ᠶᠢᠨ

ᠵᠣᠷᠢᠯᠭ᠎ᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ

ᠲᠤᠬᠠᠢ ᠴᠢᠬᠤᠯᠠ ᠥᠭᠦᠯᠡᠯᠲᠡ ᠶᠢ ᠰᠢᠰᠲ᠋ᠧᠮ ᠲᠠᠢ ᠰᠤᠷᠤᠯᠴᠠᠬᠤ ᠪᠠᠷ ᠳᠠᠮᠵᠢᠭᠤᠯᠵᠤ᠂ ᠦᠵᠡᠯ ᠰᠠᠨᠠᠭ᠎ᠠ ᠪᠠᠨ ᠤᠯᠠᠮ

ᠴᠢᠨᠠᠭᠰᠢᠳᠠ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠲᠠᠭᠤ ᠴᠢᠩᠭ᠎ᠠ ᠰᠤᠷᠲᠠᠯ ᠢᠶᠠᠷ

ᠲᠥᠪ ᠤᠨ ᠨᠠᠢᠮᠠᠨ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂

ᠨᠢᠭᠡ ᠭᠤᠣᠯ ᠱᠤᠭᠤᠮ ᠢ ᠲᠤᠤᠱᠯᠠᠭᠤᠯᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾

 ᠶᠢ ᠪᠡᠶᠡᠯᠡᠭᠦᠯᠬᠦ ᠳᠤ ᠪᠠᠲᠤ ᠪᠠᠬᠢ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ᠃

    ᠰᠢᠤᠸᠠᠢ ᠹᠧᠩ ᠴᠢᠩ ᠴᠢᠬᠤᠯᠠᠴᠢᠯᠠᠭᠰᠠᠨ ᠨᠢ᠂ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠬᠦᠨ ᠤᠯᠤᠰ

ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠶᠢᠨ ᠴᠢᠬᠤᠯᠠ

ᠴᠢᠨᠠᠷ ᠢ ᠭᠦᠨᠵᠡᠭᠡᠶ ᠲᠠᠨᠢᠬᠤ ᠬᠡᠷᠡᠭᠲᠡᠶ︔ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠤᠷᠤᠯᠴᠠᠯᠭ᠎ᠠ

ᠬᠥᠮᠦᠵᠢᠯ ᠤᠨ ᠭᠤᠣᠯ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠯ ᠢᠶᠠᠨ

ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ

ᠭᠠᠷᠭᠠᠬᠤ ᠶᠢ ᠠᠬᠢᠭᠤᠯᠬᠤ ᠬᠡᠷᠡᠭᠲᠡᠢ︔ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠨᠣᠮ ᠤᠩᠰᠢᠬᠤ

ᠠᠩᠬᠢ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠤᠳᠤᠷᠢᠳᠬᠤ ᠪᠠᠭ ᠲᠦᠷᠦᠭᠦᠯᠡᠨ

ᠰᠤᠷᠤᠯᠴᠠᠵᠤ᠂ ᠪᠦᠬᠦ ᠰᠢᠶᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠬᠤ ᠶᠢ ᠠᠬᠢᠭᠤᠯᠵᠤ᠂ ᠪᠦᠬᠦ

ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠨᠠᠮᠴᠢ ᠴᠢᠨᠠᠷ ᠢ

ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢ ᠨᠢ ᠳᠡᠭᠡᠭᠰᠢᠯᠡᠭᠦᠯᠵᠦ᠂ ᠨᠠᠮ

ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠠᠵᠢᠯ ᠤᠨ ᠰᠤᠷᠲᠠᠯ ᠢᠶᠠᠨ

ᠬᠤᠪᠢᠷᠠᠭᠤᠯᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠬᠥᠭᠵᠢᠭᠡᠬᠦ ᠬᠡᠷᠡᠭᠲᠡᠢ᠃

    ᠲᠣᠰ ᠤᠳᠠᠭᠠᠨ ᠤ ᠨᠣᠮ ᠤᠩᠰᠢᠬᠤ ᠠᠩᠭᠢ ᠳᠤ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠠᠮ ᠤᠨ

ᠰᠤᠷᠭᠠᠭᠤᠯᠢ ᠶᠢᠨ ᠳᠡᠳ᠋ ᠫᠷᠤᠹᠧᠰᠰᠤᠷ ᠳ᠋ᠦᠩ ᠬᠤᠸᠠ ᠶᠢ ᠤᠷᠢᠵᠤ ︽ᠵᠣᠷᠢᠭ ᠰᠠᠨᠠᠭ᠎ᠠ ᠪᠠᠨ ᠪᠠᠲᠤ ᠴᠡᠭᠡᠵᠢᠯᠡᠵᠦ

ᠠᠷᠢᠭᠤᠨ ᠴᠢᠬᠡᠴᠢ ᠶᠢ ᠦᠯᠡᠳᠡᠭᠡᠬᠦ ᠥᠬᠡᠶ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠪᠠ᠃ ᠡᠪᠦᠯ ᠤᠨ

ᠴᠡᠴᠡᠭ ᠲᠠᠶᠢᠯᠤᠮᠵᠢ ᠳᠠᠭᠠᠨ ᠲᠥᠪ ᠤᠨ ᠨᠠᠢᠮᠠᠨ ᠲᠣᠭᠲᠠᠭᠠᠯ ᠢ ᠨᠡᠶᠢᠲᠡᠯᠡᠭᠰᠡᠨ ᠠᠬᠤᠶ ᠪᠠᠶᠢᠳᠠᠯ ᠪᠠ ᠠᠭᠤᠯᠭ᠎ᠠ᠂

ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ

ᠬᠤᠯᠪᠣᠭᠳᠠᠯ ᠢ ᠳᠠᠬᠢᠨ ᠡᠷᠭᠢᠴᠡᠭᠦᠯᠬᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ

ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠬᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ

ᠰᠠᠨᠠᠭᠠᠨ ᠤ ᠦᠢᠯᠡᠳᠦᠯᠭᠡ ᠶᠢᠨ ᠲᠤᠬᠠᠶ ᠱᠠᠭᠠᠷᠳᠠᠯᠭ᠎ᠠ ᠶᠢ ᠭᠦᠨᠵᠡᠭᠡᠶᠢᠷᠡᠭᠦᠯᠬᠦ ᠵᠡᠷᠭᠡ ᠳᠥᠷᠪᠡᠨ ᠲᠠᠯ᠎ᠠ ᠪᠠᠷ᠂ ᠲᠥᠪ ᠤᠨ

ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠪᠠ ᠱᠠᠭᠠᠷᠳᠠᠯᠭ᠎ᠠ ᠶᠢ ᠭᠦᠨᠵᠡᠭᠡᠶ ᠲᠠᠶᠢᠯᠪᠤᠷᠢᠯᠠᠵᠤ᠂

ᠰᠤᠷᠤᠭᠴᠢᠳ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠠᠮᠢᠳᠤᠯᠢᠭ ᠬᠢᠴᠢᠶᠡᠯ ᠤᠷᠤᠭᠰᠠᠨ

ᠪᠠᠶᠢᠨ᠎ᠠ᠃

    ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠬᠠᠶ ᠰᠡᠳᠦᠪᠲᠦ ᠨᠣᠮ ᠤᠩᠰᠢᠬᠤ ᠠᠩᠭᠢ ᠬᠤᠶᠠᠷ ᠡᠳᠦᠷ ᠤᠨ

ᠬᠤᠭᠤᠴᠠᠭ᠎ᠠ ᠲᠠᠢ ᠶᠠᠪᠤᠭᠳᠠᠵᠤ᠂ ᠰᠤᠷᠤᠭᠴᠢᠳ ᠲᠤᠰᠬᠠᠶ ᠮᠡᠷᠭᠡᠵᠢᠯᠲᠡᠨ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ

ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠶᠡᠷᠦᠩᠬᠡᠶ

ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ

ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ

ᠲᠦᠷᠢᠮ ᠤᠨ ᠵᠣᠷᠢᠭ ᠰᠠᠨᠠᠭ᠎ᠠ ᠵᠡᠷᠭᠡ ᠶᠢ ᠨᠠᠷᠢᠨ ᠬᠢᠨᠠᠮᠠᠭᠠᠶ ᠰᠤᠳᠤᠯᠤᠨ ᠤᠩᠰᠢᠵᠤ᠂ ᠰᠠᠬᠢᠯᠭ᠎ᠠ ᠪᠠᠲᠤ ᠶᠢᠨ ᠤᠬᠠᠮᠰᠠᠷ

ᠪᠠ ᠶᠣᠰᠣ ᠲᠦᠷᠢᠮ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠪ ᠤᠨ ᠨᠠᠢᠮᠠᠨ

ᠲᠣᠭᠲᠠᠭᠠᠯ ᠤᠨ ᠵᠣᠷᠢᠭ ᠰᠠᠨᠠᠭ᠎ᠠ ᠶᠢ ᠠᠵᠢᠯ ᠤᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠪᠥᠬᠦ ᠰᠢᠶᠠᠨ ᠤ

ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ

ᠪᠣᠯᠤᠨ᠎ᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2