ᠬᠤᠸᠠᠳᠧ ᠰᠢᠶᠠᠨ ᠤ ᠤᠯᠤᠰ ᠲᠦᠷᠦ ᠶᠢᠨ ᠵᠥᠪᠯᠡᠯᠭᠡᠨ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/28

   ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠰᠠᠨᠠᠯ

ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ

ᠠᠬᠢᠭᠤᠯᠬᠤ ᠶᠢᠨ ᠲᠥᠯᠥᠭᠡ᠂ ᠰᠠᠨᠠᠯ ᠳᠤᠷᠠᠳᠤᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨᠬᠦ

ᠳᠡᠭᠡᠭᠰᠢᠯᠡᠭᠦᠯᠪᠡ᠃ 3 ᠰᠠᠷ᠎ᠠ ᠶᠢᠨ 28 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠭᠤᠣᠯᠳᠠᠯᠭ᠎ᠠ ᠲᠠᠢ

ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠤᠯᠤᠰ ᠲᠥᠷᠥ ᠶᠢᠨ

ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠵᠠᠩ ᠱᠢ ᠶᠢᠩ

ᠬᠤᠷᠠᠯ ᠳᠤ ᠣᠷᠣᠯᠴᠠᠭᠰᠠᠨ ᠪᠥᠭᠡᠳ ᠮᠠᠨ ᠤ ᠰᠢᠶᠠᠨ ᠤ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢᠨ ᠪᠠᠶᠢᠳᠠᠯ ᠵᠢᠴᠢ

ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ ᠬᠦᠷᠢᠶᠡᠯᠡᠨ ᠦᠵᠡᠭᠰᠡᠨ

ᠪᠠᠶᠢᠳᠠᠯ ᠵᠢᠴᠢ ᠰᠢᠪᠠᠳᠠᠨ ᠰᠢᠢᠳᠪᠦᠷᠢᠯᠡᠭᠦᠯᠬᠦ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠪᠠ ᠡᠨᠡ ᠵᠢᠯ ᠤᠨ

︽ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠤᠷᠢᠯᠡᠬᠦ

ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ

ᠤᠯᠠᠮᠵᠢᠯᠠᠪᠠ᠃ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠵᠣᠬᠢᠶᠠᠨ

ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠪᠠᠶᠢᠴᠠᠭᠠᠬᠤ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

1743152488689014612.png

    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ

ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠬᠠᠮᠲᠤ ᠶᠡᠷᠦᠩᠬᠡᠢ ᠱᠦᠵᠢ

ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢᠨ

ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠵᠤ᠂ ᠬᠠᠷᠢᠭᠤᠴᠠᠯᠭ᠎ᠠ

ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠠᠬᠢᠭᠤᠯᠬᠤ ᠬᠤᠷᠠᠯ ᠤᠨ

ᠭᠤᠣᠯ ᠡᠭᠦᠷᠭᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠠᠨᠠᠯ ᠳᠤᠷᠠᠳᠤᠯᠭ᠎ᠠ ᠶᠢᠨ ᠠᠵᠢᠯ ᠤᠨ ᠲᠤᠬᠠᠢ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ︽ᠶᠠᠰᠤ

ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ

ᠨᠠᠶᠢᠳᠠᠪᠤᠷᠢᠵᠢᠭᠤᠯᠵᠤ᠂ ᠰᠠᠨᠠᠯ ᠳᠤᠷᠠᠳᠤᠯᠭ᠎ᠠ ᠶᠢᠨ ᠦᠷ᠎ᠡ ᠪᠦᠲᠦᠭᠡᠯ ᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ

ᠬᠤᠪᠢᠷᠠᠭᠤᠯᠬᠤ ᠶᠢ ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠷᠠᠳᠴᠢᠯᠠᠯ ᠢᠶᠠᠷ

ᠬᠢᠨᠠᠯᠲᠠ ᠲᠠᠯᠪᠢᠬᠤ ᠪᠠ ᠠᠵᠢᠯ ᠢ ᠠᠬᠢᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠠᠪᠤᠳᠠᠯ ᠪᠣᠯᠤᠨ᠎ᠠ᠃

    ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠱᠦᠵᠢ ᠶᠢᠨ ᠢᠨᠵᠧᠨᠧᠷᠢᠩ︾ ᠤᠨ

ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ

ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ︽ᠱᠦᠵᠢ ᠶᠢᠨ ᠢᠨᠵᠧᠨᠧᠷᠢᠩ︾ ᠪᠣᠯᠭᠠᠵᠤ᠂ ᠣᠨ ᠤ ᠭᠤᠤᠯᠳᠠᠯᠭ᠎ᠠ ᠲᠠᠢ

ᠠᠵᠢᠯ ᠤᠨ ᠨᠠᠷᠢᠨ ᠬᠠᠭᠤᠳᠠᠰᠤ ᠳᠤ ᠣᠷᠣᠭᠤᠯᠤᠨ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠭᠤᠤᠯ

ᠬᠠᠷᠢᠭᠤᠴᠠᠯᠭᠠᠲᠠᠨ ᠪᠣᠯ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠨᠢᠭᠡᠳᠦᠭᠡᠷ ᠬᠠᠷᠢᠭᠤᠴᠠᠯᠭᠠᠲᠠᠨ ᠮᠥᠨ᠂

ᠪᠡᠶ᠎ᠡ ᠪᠠᠷ ᠢᠶᠠᠨ ᠪᠠᠶᠢᠷᠢᠯᠠᠭᠤᠯᠤᠯᠲᠠ ᠶᠢ ᠠᠳᠬᠤᠵᠤ᠂ ᠲᠣᠬᠢᠷᠠᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ

ᠠᠳᠬᠤᠬᠤ ᠬᠡᠷᠡᠭᠲᠡᠶ᠃ ᠬᠤᠶᠠᠷ ᠲᠤ᠂ ᠠᠵᠢᠯ ᠤᠨ ᠲᠥᠰᠦᠯ ᠢ ᠰᠤᠳᠤᠯᠵᠤ᠂ ᠤᠳᠬ᠎ᠠ ᠠᠭᠤᠯᠭ᠎ᠠ ᠦᠭᠡᠢ ᠪᠠᠷ

ᠬᠠᠷᠢᠭᠤᠯᠲᠠ ᠥᠭᠬᠦ ᠶᠢ ᠡᠷᠡᠰ ᠬᠤᠷᠢᠭᠯᠠᠬᠤ ᠬᠡᠷᠡᠭᠲᠡᠢ᠃ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠪᠦᠬᠦᠨ

ᠡᠷᠬᠡᠪᠰᠢ ᠰᠠᠨᠠᠯ ᠵᠥᠪᠯᠡᠯᠭᠡ ᠶᠢ ᠰᠢᠢᠳᠪᠦᠷᠢᠯᠡᠬᠦ ᠲᠥᠰᠥᠯ ᠲᠣᠭᠲᠠᠭᠠᠵᠤ᠂ ᠬᠠᠷᠢᠭᠤᠴᠠᠯᠭ᠎ᠠ ᠶᠢᠨ ᠲᠠᠰᠤᠭ ᠵᠢᠴᠢ

ᠰᠢᠢᠳᠪᠦᠷᠢᠯᠡᠭᠴᠢ ᠶᠢ ᠲᠣᠳᠣᠷᠬᠠᠶᠢᠯᠠᠬᠤ ᠶᠢᠨ ᠬᠠᠮᠲᠤ ᠬᠤᠷᠠᠯ ᠤᠨ ᠪᠦᠷᠢᠨ ᠪᠦᠲᠦᠨ ᠲᠡᠮᠳᠡᠭᠯᠡᠯ ᠢ ᠦᠯᠡᠳᠡᠭᠡᠵᠦ

ᠬᠠᠳᠠᠭᠠᠯᠠᠬᠤ ᠬᠡᠷᠡᠭᠲᠡᠢ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠠᠪᠤᠳᠠᠯ ᠢ ᠠᠯᠪᠠᠨ ᠭᠡᠷ ᠤᠨ ᠠᠵᠢᠯᠲᠠᠨ ᠳᠤ

ᠬᠦᠷᠭᠡᠵᠤ ᠬᠠᠰᠢ ᠶᠠᠰᠢ ᠪᠠᠷ ᠠᠷᠭᠠᠴᠠᠭᠠᠵᠤ᠂ ᠤᠳᠬ᠎ᠠ ᠠᠭᠤᠯᠭ᠎ᠠ ᠦᠭᠡᠢ ᠠᠷᠭ᠎ᠠ ᠬᠡᠮᠵᠢᠶ᠎ᠡ ᠠᠪᠬᠤ ᠦᠭᠡᠢ ᠪᠣᠯ

ᠬᠠᠷᠢᠭᠤᠯᠲᠠ ᠥᠭᠬᠦ ᠶᠢ ᠴᠢᠩᠭ᠎ᠠ ᠬᠤᠷᠢᠭᠯᠠᠨ᠎ᠠ᠃ ᠭᠤᠷᠪᠠ ᠳᠤ ᠲᠥᠷᠥᠯ ᠬᠤᠪᠢᠶᠠᠨ ᠠᠷᠭ᠎ᠠ ᠪᠣᠳᠣᠯᠭ᠎ᠠ

ᠬᠡᠷᠡᠭᠵᠢᠭᠦᠯᠵᠦ᠂ ᠬᠠᠷᠢᠭᠤᠯᠲᠠ ᠥᠭᠬᠦ ᠣᠨᠣᠪᠴᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ ᠰᠠᠨᠠᠯ

ᠵᠥᠪᠯᠡᠯᠭᠡ ᠳᠤᠷᠠᠳᠤᠭᠰᠠᠨ ᠭᠡᠰᠢᠭᠦᠳ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠰᠠᠨᠠᠯ ᠵᠥᠪᠯᠡᠯᠭᠡ ᠶᠢ

ᠰᠢᠢᠳᠪᠦᠷᠢᠯᠡᠭᠰᠡᠨ ᠪᠠᠶᠢᠳᠠᠯ ᠢ ᠨᠡᠪᠲᠡᠷᠡᠯᠴᠡᠵᠦ᠂ ᠭᠡᠰᠢᠭᠦᠳ ᠤᠨ ᠣᠷᠣᠯᠴᠠᠬᠤ᠂ ᠬᠤᠣᠰ ᠴᠢᠭᠯᠡᠯ ᠢᠶᠠᠷ ᠰᠡᠳᠬᠢᠯ

ᠬᠠᠨᠤᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠦᠷᠪᠡ ᠳᠤ᠂ ᠬᠠᠷᠢᠭᠤᠯᠲᠠ ᠥᠭᠬᠦ ᠵᠢᠷᠤᠮ ᠢ ᠵᠢᠷᠤᠮᠵᠢᠭᠤᠯᠵᠤ᠂

ᠬᠠᠷᠢᠭᠤᠯᠲᠠ ᠥᠭᠬᠦ ᠡᠷᠬᠡ ᠰᠦᠷᠲᠦ ᠴᠢᠨᠠᠷ ᠢ ᠪᠠᠲᠤᠯᠠᠬᠤ ᠬᠡᠷᠡᠭᠲᠡᠢ᠃ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠳᠤ

ᠬᠠᠷᠢᠭᠤᠯᠲᠠ ᠥᠭᠬᠦ ᠶᠢ ᠡᠷᠬᠡᠪᠰᠢ ᠨᠢᠭᠡᠴᠡ ᠶᠢᠨ ᠵᠢᠩᠬᠢᠨᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠨᠢᠭᠡ

ᠬᠡᠯᠪᠡᠷᠢ ᠭᠤᠷᠪᠠᠨ ᠬᠤᠪᠢ ᠳᠡᠭᠡᠭᠰᠢ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ

ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠲᠤ ᠮᠡᠳᠡᠭᠦᠯᠵᠦ᠂ ᠪᠤᠰᠤᠳ ᠰᠠᠨᠠᠯ ᠳᠤᠷᠠᠳᠤᠯᠭ᠎ᠠ ᠶᠢ

ᠨᠢᠭᠡᠴᠡ ᠶᠢᠨ ᠵᠢᠩᠬᠢᠨᠢ ᠪᠢᠴᠢᠭ ᠮᠠᠲ᠋ᠧᠷᠢᠶᠠᠯ ᠢᠶᠠᠷ ᠳᠠᠷᠤᠮᠠᠯᠯᠠᠨ ᠲᠠᠷᠬᠠᠭᠠᠵᠤ᠂ ︽ᠬᠤᠶᠠᠷ ᠲᠥᠯᠥᠭᠡᠯᠡᠭᠴᠢ ᠨᠢᠭᠡ

ᠭᠡᠰᠢᠭᠦᠨ︾ ᠤ ᠲᠠᠪᠴᠠᠩ ᠳᠤ ᠳᠠᠮᠵᠢᠭᠤᠯᠪᠠᠯ ᠪᠣᠯᠴᠢᠬᠠᠨ᠎ᠠ᠃ ᠲᠠᠪᠤ ᠳᠤ᠂ ᠱᠠᠯᠠᠪᠳᠠᠭᠤᠯᠤᠨ ᠪᠠᠶᠢᠴᠠᠭᠠᠵᠤ

ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠱᠠᠯᠠᠪᠳᠠᠭᠤᠯᠤᠨ ᠭᠦᠢᠴᠡᠳᠬᠡᠬᠦ ᠶᠢ ᠪᠦᠬᠦᠨ ᠢ ᠪᠦᠷᠬᠦᠬᠦᠯᠬᠦ ᠶᠢ

ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠰᠠᠨᠠᠯ ᠵᠥᠪᠯᠡᠯᠭᠡ ᠶᠢ ᠰᠢᠮᠳᠠᠭᠤᠯᠤᠨ ᠰᠢᠢᠳᠪᠦᠷᠢᠯᠡᠭᠦᠯᠬᠦ ᠶᠢ ᠪᠦᠬᠦᠨ ᠢ

ᠬᠠᠮᠤᠷᠬᠤ ᠶᠢ ᠦᠨᠡᠨᠬᠦ ᠪᠠᠲᠤᠯᠠᠵᠤ᠂ ᠬᠠᠷᠢᠯᠴᠠᠨ ᠲᠦᠯᠬᠢᠯᠴᠡᠭᠰᠡᠨ᠂ ᠬᠤᠭᠤᠴᠠᠭ᠎ᠠ ᠬᠡᠲᠦᠷᠡᠲᠡᠯ᠎ᠡ ᠭᠦᠢᠴᠡᠳᠬᠡᠭᠰᠡᠨ

ᠦᠭᠡᠢ ᠨᠢᠭᠡᠴᠡ ᠳᠤ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤᠨᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ

ᠣᠷᠳᠣᠨ ᠳᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠲᠤᠰᠬᠠᠬᠤ ᠶᠢᠨ ᠬᠠᠮᠲᠤ ᠣᠨ ᠤ ᠨᠢᠭᠡᠴᠡ ᠶᠢᠨ

ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠳᠤ ᠬᠤᠪᠢ ᠬᠠᠰᠤᠵᠤ ᠰᠢᠢᠳᠪᠦᠷᠢᠯᠡᠬᠦ

ᠬᠡᠷᠡᠭᠲᠡᠢ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠰᠠᠯᠠᠭ᠎ᠠ ᠮᠦᠴᠢᠷ᠂ ᠨᠢᠭᠡᠴᠡ ᠨᠦᠭᠦᠳ ᠬᠤᠭᠤᠷᠤᠨᠳᠦ ᠪᠠᠨ

ᠬᠠᠷᠢᠯᠴᠠᠬᠤ ᠪᠠ ᠵᠤᠬᠢᠴᠠᠭᠤᠯᠬᠤ ᠪᠠᠨ ᠴᠢᠩᠭᠠᠳᠬᠠᠵᠤ᠂ ᠣᠯᠠᠨ ᠰᠠᠯᠠᠭ᠎ᠠ ᠮᠦᠴᠢᠷ ᠬᠠᠮᠲᠤᠷᠠᠨ ᠰᠢᠢᠳᠪᠦᠷᠢᠯᠡᠬᠦ ᠳᠤ

ᠬᠤᠯᠪᠤᠭᠳᠠᠭᠰᠠᠨ ᠰᠠᠨᠠᠯ ᠳᠤᠷᠠᠳᠤᠯᠭ᠎ᠠ ᠨᠤᠭᠤᠳ ᠢ ᠨᠢᠭᠲᠠ ᠬᠠᠮᠲᠤᠷᠠᠯᠴᠠᠵᠤ᠂ ᠴᠤᠭᠭᠠᠷ ᠠᠳᠬᠤᠨ ᠬᠠᠮᠲᠤᠪᠠᠷ

ᠬᠠᠮᠢᠶᠠᠷᠴᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾

ᠬᠠᠷᠢᠭᠤᠴᠠᠯᠭᠠᠲᠤ ᠰᠡᠳᠬᠢᠯᠭᠡ ᠪᠠᠷ ᠭᠡᠰᠢᠭᠦᠳ ᠤᠨ ︽ᠠᠯᠲᠠᠨ ᠴᠡᠭ︾ ᠢ ᠬᠦᠴᠢᠷ ᠠᠰᠠᠭᠤᠳᠠᠯ ᠢ ᠰᠢᠢᠳᠪᠦᠷᠢᠯᠡᠬᠦ

︽ᠠᠯᠲᠠᠨ ᠲᠦᠯᠬᠢᠭᠦᠷ︾ ᠪᠣᠯᠭᠠᠨ ᠬᠤᠪᠢᠷᠠᠭᠤᠯᠵᠤ᠂ ᠭᠡᠰᠢᠭᠦᠳ ᠤᠨ ︽ᠰᠠᠨᠠᠭ᠎ᠠ ᠵᠣᠪᠠᠭ᠋ᠤ ᠶᠠᠪᠤᠳᠠᠯ︾ ᠢ ︽ᠰᠡᠳᠬᠢᠯ

ᠬᠠᠨᠤᠮᠵᠢᠲᠠᠢ ᠶᠠᠪᠤᠳᠠᠯ︾ ᠪᠣᠯᠭᠠᠨ ᠰᠢᠢᠳᠪᠦᠷᠢᠯᠡᠵᠦ᠂ ᠬᠤᠸᠠᠳᠧ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ

ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ︕ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2