ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ ︽ᠲᠥᠷᠥ ᠶᠢᠨ ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠵᠡᠷᠭᠡ ᠶᠢ ᠶᠠᠷᠢᠯᠴᠠᠨ ᠪᠠᠲᠤᠯᠠᠪᠠ
ᠨᠡᠶᠢᠲᠡᠯᠡᠭᠰᠡᠨ ᠴᠠᠭ᠄
2025/3/29

    ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠮᠡᠳᠡᠭᠡ ᠲᠥᠷᠥ ᠶᠢᠨ

ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ

ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ᠲᠥᠷᠥ ᠶᠢᠨ ᠶᠠᠪᠤᠳᠠᠯ ᠤᠨ

ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠢ ᠶᠠᠷᠢᠯᠴᠠᠨ ᠪᠠᠲᠤᠯᠠᠵᠤ᠂

︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ

ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃

    ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ

ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢᠶᠠᠷ ᠬᠢᠨᠠᠨ

ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠦᠬᠦ ᠵᠢᠯ ᠤᠨ ᠠᠵᠤ ᠠᠬᠤᠢ

ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠢ ᠲᠣᠭᠲᠠᠭᠠᠵᠠᠢ᠃ ᠡᠯ᠎ᠡ ᠰᠠᠯᠠᠭ᠎ᠠ ᠮᠥᠴᠢᠷ᠂ ᠡᠯ᠎ᠡ

ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ᠂ ᠨᠡᠩ ᠴᠢᠩᠭ᠎ᠠ ᠡᠭᠦᠷᠭᠡᠯᠡᠯ᠂

ᠨᠡᠩ ᠢᠳᠡᠪᠬᠢᠲᠡᠢ ᠠᠵᠢᠯᠯᠠᠭ᠎ᠠ ᠪᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠪᠣᠳᠠᠲᠠᠢ

ᠠᠵᠢᠯᠯᠠᠭ᠎ᠠ ᠪᠣᠳᠠᠲᠠᠢ ᠪᠦᠲᠦᠮᠵᠢ ᠪᠠᠷ ᠢᠶᠠᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠠᠨ ᠪᠡᠶᠡᠯᠡᠭᠦᠯᠬᠦ

ᠬᠡᠷᠡᠭᠲᠡᠢ᠃ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠠᠳ ᠲᠦᠷᠭᠡᠳᠬᠡᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠮᠠᠭᠠᠳ

ᠪᠤᠰᠤ ᠬᠦᠴᠦᠨ ᠵᠦᠢᠯ ᠯᠦᠭᠡ ᠴᠠᠭ ᠢ ᠠᠮᠵᠢᠨ ᠴᠢᠩᠭ᠎ᠠ ᠠᠳᠬᠤᠨ ᠲᠦᠷᠭᠡᠨ ᠠᠵᠢᠯᠯᠠᠵᠤ᠂ ᠤᠷᠤᠭᠰᠢ ᠪᠠᠨ ᠬᠦᠴᠦᠯᠡᠬᠦ

ᠬᠡᠷᠡᠭᠲᠡᠢ᠃ ᠡᠭᠦᠨ ᠤ ᠵᠡᠷᠭᠡ ᠳᠤ ᠪᠠᠶᠢᠳᠠᠯ ᠤᠨ ᠬᠤᠪᠢᠷᠠᠯᠲᠠ ᠶᠢ ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢᠨ

ᠨᠥᠭᠡᠴᠡᠯᠡᠯ ᠢ ᠰᠠᠶᠢᠲᠤᠷ ᠬᠢᠵᠦ᠂ ᠬᠡᠷᠡᠭᠴᠡᠭᠡ ᠲᠠᠢ ᠦᠶ᠎ᠡ ᠳᠤ ᠴᠠᠭ ᠲᠤᠬᠠᠢ ᠳᠤ ᠨᠢ ᠨᠡᠶᠢᠲᠡᠯᠡᠵᠦ᠂ ᠠᠯᠢ ᠲᠦᠷᠭᠡᠨ ᠢᠶᠠᠷ

ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ

ᠳᠡᠭᠡᠷ᠎ᠡ ᠨᠢ ᠬᠦᠴᠦᠯᠡᠵᠦ᠂ ᠳᠠᠶᠢᠴᠢᠯᠠᠬᠤ ᠴᠢᠨᠠᠷ ᠪᠠ ᠬᠥᠰᠢᠵᠦ ᠨᠡᠭᠡᠭᠡᠬᠦ ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ

ᠣᠯᠵᠤ᠂ ᠰᠢᠨ᠎ᠡ ᠭᠠᠷᠳᠠᠴᠠ ᠪᠠ ᠠᠴᠢᠶᠠᠯᠠᠪᠤᠷᠢ ᠶᠢ ᠳᠠᠰᠤᠷᠠᠯᠳᠠ ᠦᠭᠡᠢ ᠰᠦᠪᠡᠭᠴᠢᠯᠡᠨ᠂ ᠴᠡᠭ ᠢᠶᠠᠷ ᠨᠡᠶᠢᠳᠡᠮ ᠢ

ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ

ᠬᠡᠷᠡᠭᠲᠡᠢ᠃ ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ᠂

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ

ᠬᠡᠷᠡᠭᠵᠢᠭᠦᠯᠦᠨ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠤ᠂ ᠪᠣᠳᠠᠲᠠᠢ

ᠲᠥᠰᠥᠯ ᠭᠠᠷᠭᠠᠬᠤ ᠬᠡᠷᠡᠭᠲᠡᠢ᠃ ᠰᠠᠯᠠᠭ᠎ᠠ ᠮᠥᠴᠢᠷ ᠬᠤᠭᠤᠷᠣᠨᠳᠤᠬᠢ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂

ᠡᠯ᠎ᠡ ᠰᠠᠯᠠᠭ᠎ᠠ ᠮᠥᠴᠢᠷ ᠤᠳ ᠶᠡᠭᠡ ᠲᠠᠯᠠᠲᠤ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠦᠵᠡᠯᠲᠡ ᠪᠠᠨ

ᠴᠢᠩᠭᠠᠷᠠᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂

ᠰᠠᠨᠠᠭᠠᠴᠢᠯᠠᠭ᠎ᠠ ᠠᠴᠠ ᠪᠠᠨ ᠠᠰᠠᠭᠤᠳᠠᠯ ᠰᠢᠢᠳᠪᠦᠷᠢᠯᠡᠵᠦ᠂ ᠣᠷᠣᠯᠴᠠᠭᠰᠠᠨ ᠰᠠᠯᠠᠭ᠎ᠠ ᠮᠥᠴᠢᠷ ᠢᠳᠡᠪᠬᠢᠲᠡᠢ ᠠᠵᠢᠯᠯᠠᠨ

ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠪᠦᠷᠢᠯᠳᠦᠭᠦᠯᠦᠭᠡᠳ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃

    ᠬᠤᠷᠠᠯᠳᠤᠭᠠᠨ ᠢᠶᠠᠷ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ

ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃

ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠦᠷᠭᠡᠨ ᠬᠦᠷᠭᠡᠯᠲᠡ ᠶᠢᠨ ᠪᠣᠭᠤᠳᠠᠯ ᠤᠨ ᠠᠰᠠᠭᠤᠳᠠᠯ ᠳᠤ ᠴᠢᠭᠯᠡᠭᠦᠯᠦᠨ

︽ᠳᠦᠷᠢᠮ︾ ᠳᠤ ᠲᠤᠰᠬᠠᠢ ᠵᠠᠰᠠᠪᠤᠷᠢ ᠣᠷᠣᠭᠤᠯᠤᠭᠰᠠᠨ ᠨᠢ ᠲᠦᠷᠭᠡᠨ ᠬᠦᠷᠭᠡᠯᠲᠡ ᠶᠢᠨ ᠪᠣᠭᠤᠳᠠᠯ ᠢ ᠪᠣᠬᠢᠷᠲᠤᠯ ᠦᠭᠡᠢ

ᠪᠣᠯᠭᠠᠬᠤ᠂ ᠬᠡᠷᠡᠭᠯᠡᠬᠦ ᠮᠠᠲ᠋ᠧᠷᠢᠶᠠᠯ ᠢ ᠪᠠᠭᠠᠰᠬᠠᠬᠤ᠂ ᠡᠷᠭᠢᠯᠳᠦᠬᠦ᠋ᠢᠴᠡ ᠶᠢ ᠠᠬᠢᠭᠤᠯᠬᠤ᠂ ᠪᠣᠬᠢᠷᠲᠤᠯ ᠦᠭᠡᠢ ᠦᠢᠯᠡᠳᠪᠦᠷᠢᠯᠡᠯ

ᠪᠠ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠬᠦ ᠳᠤ ᠠᠰᠢᠭᠲᠠᠢ ᠶᠤᠮ᠃ ᠰᠢᠰᠲ᠋ᠧᠮᠵᠢᠭᠦᠯᠦᠨ ᠵᠠᠰᠠᠬᠤ᠂

ᠬᠠᠮᠵᠢᠯᠴᠠᠨ ᠵᠠᠰᠠᠬᠤ ᠶᠢ ᠪᠠᠷᠢᠮᠲᠠᠯᠠᠵᠤ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ

ᠬᠠᠷᠢᠭᠤᠴᠠᠯᠭ᠎ᠠ ᠶᠢ ᠪᠠᠲᠤᠳᠬᠠᠨ᠂ ᠳᠡᠭᠡᠳᠦ ᠤᠷᠤᠰᠬᠠᠯ ᠳᠤ ᠪᠠᠶᠢᠷᠢᠯᠠᠵᠤ ᠪᠦᠬᠦᠢ ᠦᠢᠯᠡᠳᠪᠦᠷᠢᠯᠡᠯ ᠤᠨ ᠠᠵᠤ ᠠᠬᠤᠶᠢᠯᠠᠯ᠂

ᠬᠤᠳᠠᠯᠳᠤᠭᠠᠴᠢᠨ ᠪᠠ ᠳᠣᠣᠷᠠᠳᠤ ᠤᠷᠤᠰᠬᠠᠯ ᠳᠤ ᠪᠠᠶᠢᠷᠢᠯᠠᠵᠤ ᠪᠦᠬᠦᠢ ᠬᠡᠷᠡᠭᠯᠡᠭᠴᠢᠳ ᠢ ᠬᠥᠲᠥᠯᠥᠨ ᠵᠢᠯᠤᠭᠤᠳᠴᠤ

ᠵᠢᠷᠤᠮᠵᠢᠭᠤᠯᠬᠤ ᠶᠢ ᠴᠢᠩᠭᠠᠳᠬᠠᠵᠤ᠂ ᠪᠥᠬᠦ ᠬᠡᠯᠬᠢᠶ᠎ᠡ ᠪᠠᠷ ᠨᠢ ᠵᠠᠰᠠᠬᠤ ᠶᠢ ᠠᠬᠢᠭᠤᠯᠬᠤ ᠬᠡᠷᠡᠭᠲᠡᠢ᠃ ᠲᠦᠷᠭᠡᠨ

ᠬᠦᠷᠭᠡᠯᠲᠡ ᠶᠢᠨ ᠪᠣᠭᠤᠳᠠᠯ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠡᠷᠦᠩᠬᠡᠶᠢᠯᠡᠭᠰᠡᠨ ᠴᠢᠨᠠᠷᠲᠠᠢ

ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠣᠭᠤᠳᠠᠯᠯᠠᠬᠤ᠂ ᠡᠭᠡᠭᠦᠯᠦᠨ ᠬᠤᠷᠢᠶᠠᠬᠤ᠂ ᠤᠬᠢᠶᠠᠵᠤ

ᠴᠡᠪᠡᠷᠯᠡᠬᠦ᠂ ᠲᠣᠬᠢᠷᠠᠭᠤᠯᠬᠤ ᠰᠠᠯᠭᠠᠬᠤ ᠵᠡᠷᠭᠡ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂

ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠪᠣᠬᠢᠷᠲᠤᠯ ᠦᠭᠡᠢ ᠬᠥᠭᠵᠢᠯᠲᠡ ᠶᠢᠨ ᠰᠠᠶᠢᠨ ᠰᠠᠶᠢᠬᠠᠨ

ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠡᠢ᠃

    ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃

    

ᠢᠷᠡᠯᠲᠡ᠄ ᠰᠢᠨᠬᠤᠸᠠ ᠬᠤᠷᠢᠶ᠎ᠠ

ᠪᠡᠯᠡᠳᠭᠡᠭᠰᠡᠨ ᠨᠢ᠄ ᠭᠠᠩᠭ᠎ᠠ 

 

 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2