ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠯᠲᠠ ᠳᠤ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠵᠡᠷᠭᠡ ᠶᠢ ᠰᠤᠳᠤᠯᠪᠠ
ᠨᠡᠶᠢᠲᠡᠯᠡᠭᠰᠡᠨ ᠴᠠᠭ᠄
2025/3/29

    ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ

ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ

ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠤᠭᠠᠳ ᠠᠵᠤ ᠠᠬᠤᠶᠢᠯᠠᠯ ᠯᠤᠭ᠎ᠠ

ᠬᠤᠯᠪᠣᠭᠳᠠᠭᠰᠠᠨ ᠰᠦᠢᠳᠬᠡᠯ ᠬᠤᠷᠢᠶᠠᠯᠲᠠ ᠳᠤ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ

ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠤᠭᠰᠠᠨ ᠪᠥᠭᠡᠳ ︽

ᠤᠷᠤᠭ ᠤᠨ ᠪᠦᠷᠢᠳᠬᠡᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃

    ᠬᠤᠷᠠᠯ ᠢᠶᠠᠷ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠯᠲᠠ ᠳᠤ

ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠯ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠨᠢ

ᠪᠠᠭᠤᠷᠠᠭᠤᠯᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ

᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠡᠷᠭᠡᠶᠢᠯᠡᠬᠦ ᠪᠠ ᠵᠠᠰᠠᠬᠤ ᠶᠢ ᠵᠡᠷᠭᠡ ᠪᠠᠷ ᠠᠳᠬᠤᠬᠤ᠂ ᠦᠡᠭᠭᠡᠨ ᠲᠠᠯ᠎ᠠ ᠪᠠ

ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ᠂

ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠦᠷᠦᠯ ᠤᠨ ᠨᠡᠶᠢᠭᠡᠮᠯᠢᠭ

ᠬᠤᠳᠠᠯᠳᠤᠭᠠᠴᠢᠳ ᠤᠨ ᠡᠪᠯᠡᠯ᠂ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠣᠭᠠᠨ ᠤ ᠲᠤᠬᠠᠶᠢᠯᠠᠭᠰᠠᠨ ᠠᠵᠢᠯ ᠡᠵᠡᠩᠨᠡᠬᠦ

ᠠᠵᠤ ᠠᠬᠤᠶᠢᠯᠠᠯ ᠵᠡᠷᠭᠡ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠭᠤᠣᠯ ᠴᠣᠭᠴᠠ ᠳᠤ

ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠮᠵᠢᠯᠴᠠᠭᠰᠠᠨ

ᠥᠨᠳᠥᠷ ᠪᠦᠲᠦᠮᠵᠢᠲᠡᠢ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ

ᠪᠠᠶᠢᠭᠤᠯᠤᠨ᠎ᠠ᠃ ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠᠨ ᠤ

ᠳᠦᠷᠢᠮ ᠢ ᠪᠦᠷᠢᠨᠰᠢᠭᠦᠯᠵᠦ᠂ ᠪᠣᠶ ᠪᠦᠬᠦᠢ ᠰᠦᠢᠳᠬᠡᠯ ᠬᠤᠷᠢᠶᠠᠬᠤ ᠲᠥᠷᠥᠯ ᠵᠦᠢᠯ ᠢ ᠴᠥᠮ ᠨᠠᠷᠢᠨ ᠳᠠᠩᠰᠠᠨ ᠳᠤ

ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠪᠣᠯᠭᠠᠵᠤ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ᠂

ᠰᠦᠢᠳᠬᠡᠯ ᠬᠤᠷᠢᠶᠠᠬᠤ ᠲᠤᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠂ ᠨᠠᠷᠢᠨ ᠳᠠᠩᠰᠠᠨ ᠤ ᠳᠣᠲᠣᠷᠠᠬᠢ ᠠᠴᠠ ᠪᠤᠰᠤᠳ ᠶᠠᠮᠠᠷ

ᠴᠤ ᠰᠦᠢᠳᠬᠡᠯ ᠬᠤᠷᠢᠶᠠᠵᠤ ᠪᠣᠯᠬᠤ ᠦᠭᠡᠢ᠂ ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢᠨ

ᠦᠯᠡᠳᠡᠭᠡᠯ ᠲᠥᠷᠥ ᠶᠢᠨ ᠪᠣᠳᠣᠯᠭ᠎ᠠ ᠨᠤᠭᠤᠳ ᠢ ᠬᠠᠤᠯᠢ ᠲᠣᠭᠲᠠᠭᠠᠯ ᠶᠣᠰᠣᠭᠠᠷ ᠢᠯᠭᠠᠷᠠᠭᠤᠯᠤᠨ᠎ᠠ᠃ ᠲᠣᠭᠲᠠᠭᠠᠯ ᠠᠴᠠ

ᠵᠥᠷᠢᠴᠡᠨ ᠰᠦᠢᠳᠬᠡᠯ ᠬᠤᠷᠢᠶᠠᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ

ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠦᠭᠡᠢ᠂ ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠬᠤ

ᠲᠥᠷᠥᠯ ᠵᠦᠢᠯ ᠢ ᠡᠷᠬᠡ ᠠᠴᠠ ᠪᠠᠨ ᠳᠠᠪᠠᠭᠤᠯᠵᠤ ᠳᠣᠭᠲᠠᠭᠠᠭᠰᠠᠨ ᠪᠠᠶᠢᠪᠠᠯ ᠴᠥᠮ ᠬᠦᠴᠦᠨ ᠦᠭᠡᠢ ᠪᠣᠯᠭᠠᠨ᠎ᠠ︔

ᠲᠠᠲᠠᠪᠤᠷᠢᠯᠠᠵᠤ ᠬᠤᠷᠢᠶᠠᠬᠤ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠦᠭᠰᠡᠨ᠂ ᠲᠠᠲᠠᠪᠤᠷᠢᠯᠠᠵᠤ ᠬᠤᠷᠢᠶᠠᠬᠤ

ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠭᠰᠡᠨ ᠦᠢᠯᠡ ᠠᠵᠢᠯᠯᠠᠭ᠎ᠠ ᠨᠤᠭᠤᠳ ᠢ ᠡᠷᠡᠰ ᠵᠠᠯᠠᠷᠠᠭᠤᠯᠤᠨ᠎ᠠ︔ ᠠᠵᠤ

ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠰᠢᠨ᠎ᠡ ᠪᠠᠷ

ᠨᠡᠶᠢᠲᠡᠯᠡᠬᠦ ᠴᠢᠬᠤᠯᠠᠲᠠᠢ ᠪᠣᠯ ᠬᠠᠤᠯᠢ ᠶᠣᠰᠣᠴᠢ ᠴᠢᠨᠠᠷ᠂ ᠲᠥᠪ ᠭᠤᠥᠯᠴᠢ ᠴᠢᠨᠠᠷ ᠵᠢᠴᠢ ᠨᠡᠶᠢᠭᠡᠮ ᠳᠠᠬᠢ ᠨᠥᠯᠥᠭᠡ ᠶᠢᠨ

ᠵᠢᠱᠢᠯᠲᠡ ᠵᠡᠷᠭᠡ ᠲᠠᠯ᠎ᠠ ᠠᠴᠠ ᠬᠢᠨᠠᠨ ᠬᠠᠷᠭᠤᠭᠤᠯᠤᠯᠲᠠ ᠪᠠᠨ ᠴᠢᠩᠭᠠᠳᠬᠠᠨ᠎ᠠ᠃ ᠠᠵᠤ ᠠᠬᠤᠶᠢᠯᠠᠯ ᠯᠤᠭ᠎ᠠ ᠬᠤᠯᠪᠣᠭᠳᠠᠭᠰᠠᠨ

ᠰᠦᠢᠳᠬᠡᠯ ᠬᠤᠷᠢᠶᠠᠯᠲᠠ ᠶᠢ ᠬᠢᠨᠠᠨ ᠰᠢᠨᠵᠢᠵᠦ ᠦᠨᠡᠯᠡᠨ ᠵᠢᠱᠢᠬᠦ ᠳᠦᠷᠢᠮ ᠢᠶᠠᠨ ᠪᠦᠷᠢᠨᠰᠢᠭᠦᠯᠦᠨ᠂ ᠠᠰᠠᠭᠤᠳᠠᠯ ᠤᠨ

ᠰᠦᠪᠡᠭᠴᠢ ᠨᠦᠭᠦᠳ ᠢ ᠴᠤᠭᠯᠠᠭᠤᠯᠬᠤ ᠪᠠ ᠰᠢᠢᠳᠪᠦᠷᠢᠯᠡᠬᠦ ᠲᠣᠭᠲᠠᠴᠠ ᠪᠠᠨ ᠰᠢᠯᠢᠳᠡᠭᠵᠢᠭᠦᠯᠵᠦ᠂ ᠪᠦᠬᠦ ᠨᠡᠶᠢᠭᠡᠮ ᠢᠶᠠᠷ ᠢᠶᠠᠨ

ᠣᠷᠣᠯᠴᠠᠭᠰᠠᠨ᠂ ᠬᠠᠮᠵᠢᠯᠴᠠᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠲᠦᠷᠦᠯ ᠤᠨ

ᠡᠵᠡᠩᠨᠡᠯᠲᠡ ᠶᠢᠨ ᠭᠤᠣᠯ ᠴᠣᠭᠴᠠ ᠶᠢᠨ ᠵᠢᠱᠢᠯᠲᠡ ᠶᠢ ᠨᠢ ᠴᠢᠨᠠᠭᠰᠢᠳᠠ ᠤᠯᠠᠮ ᠳᠣᠭᠲᠠᠪᠤᠷᠢᠵᠢᠭᠤᠯᠤᠨ᠂ ᠬᠥᠭᠵᠢᠯᠲᠡ ᠶᠢᠨ

ᠢᠲᠡᠭᠡᠯ ᠢ ᠨᠢ ᠴᠢᠩᠭᠠᠳᠬᠠᠨ᠎ᠠ᠃

    ᠬᠤᠷᠠᠯ ᠢᠶᠠᠷ ︽ᠤᠷᠤᠭ ᠤᠨ ᠪᠦᠷᠢᠳᠬᠡᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ

ᠵᠥᠪᠯᠡᠵᠦ ᠪᠠᠲᠤᠯᠠᠪᠠ᠃ ᠬᠤᠷᠠᠯ ᠢᠶᠠᠷ ᠵᠢᠭᠠᠵᠤ ᠭᠠᠷᠭᠠᠭᠰᠠᠨ ᠨᠢ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠤ ᠢᠷᠭᠡᠨ ᠤ

ᠬᠠᠤᠯᠢ ᠶᠢᠨ ᠪᠢᠴᠢᠭ ᠤᠨ ᠲᠣᠭᠲᠠᠭᠠᠯ ᠢ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ

ᠠᠰᠠᠭᠤᠳᠠᠯ ᠤᠳ ᠲᠤ ᠢᠳᠡᠪᠬᠢᠲᠡᠢ ᠬᠠᠷᠢᠭᠤᠯᠲᠠ ᠥᠭᠴᠦ᠂ ᠣᠶᠢᠷ᠎ᠠ ᠶᠢᠨ ᠵᠢᠯ ᠤᠳ ᠤᠨ ᠣᠷᠤᠭ ᠤᠨ ᠪᠦᠷᠢᠳᠬᠡᠯ ᠤᠨ ︽

ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠵᠡᠷᠭᠡ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠦᠷ᠎ᠡ

ᠪᠦᠲᠦᠭᠡᠯ ᠤᠳ ᠢ ᠬᠠᠤᠯᠢ ᠴᠠᠭᠠᠵᠠ ᠶᠢᠨ ᠳᠦᠷᠢᠮ ᠪᠣᠯᠭᠠᠵᠤ᠂ ᠣᠷᠤᠭ ᠤᠨ ᠪᠦᠷᠢᠳᠬᠡᠯ ᠤᠨ ᠠᠵᠢᠯ ᠢ ᠤᠯᠠᠮ ᠨᠢᠭᠡ

ᠠᠯᠬᠤᠮ ᠵᠢᠷᠤᠮᠵᠢᠭᠤᠯᠬᠤ᠂ ᠣᠷᠤᠭ ᠤᠨ ᠪᠦᠷᠢᠳᠬᠡᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠬᠠᠤᠯᠢ ᠪᠠᠷ ᠵᠠᠰᠠᠬᠤ

ᠪᠠᠲᠤᠯᠠᠭ᠎ᠠ ᠬᠠᠩᠭᠠᠪᠠ᠃ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠱᠠᠭᠠᠷᠳᠠᠯᠭ᠎ᠠ

ᠶᠣᠰᠣᠭᠠᠷ᠂ ᠪᠥᠬᠦ ᠤᠯᠤᠰ ᠤᠨ ᠣᠷᠤᠭ ᠤᠨ ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢ ᠦᠷᠭᠦᠯᠵᠢᠯᠡᠨ

ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠴᠢᠩᠭᠠᠳᠬᠠᠨ᠂ ᠤᠷᠤᠭ ᠤᠨ ᠪᠦᠷᠢᠳᠬᠡᠯ ᠢ ︽ᠪᠥᠬᠦ

ᠤᠯᠤᠰ ᠲᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠪᠠᠨ ᠲᠦᠷᠭᠡᠳᠬᠡᠨ ᠠᠬᠢᠭᠤᠯᠵᠤ᠂ ᠤᠷᠤᠭ ᠤᠨ ᠪᠦᠷᠢᠳᠬᠡᠯ ᠤᠨ

ᠦᠢᠯᠡᠴᠢᠯᠡᠭᠡᠨ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠦᠭᠦᠮᠯᠡᠬᠦ ᠲᠦᠪᠰᠢᠨ ᠢᠶᠠᠨ ᠲᠠᠰᠤᠷᠠᠯᠲᠠ ᠦᠭᠡᠢ

ᠳᠡᠭᠡᠭᠰᠢᠯᠡᠭᠦᠯᠦᠨ᠎ᠡ᠃ ᠤᠷᠤᠭ ᠭᠡᠷ ᠪᠦᠯᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠢᠨᠠᠷᠲᠠᠢ ᠵᠢᠭᠠᠨ ᠵᠢᠯᠤᠭᠤᠳᠬᠤ ᠠᠵᠢᠯ

ᠪᠠ ᠤᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ

ᠴᠢᠩᠭᠠᠳᠬᠠᠵᠤ᠂ ᠤᠷᠤᠭ ᠬᠤᠷᠢᠮ ᠤᠨ ᠪᠣᠯᠪᠠᠰᠤᠨ ᠵᠠᠩ ᠦᠢᠯᠡ ᠶᠢ ᠰᠠᠨᠠᠭᠠᠴᠢᠯᠠᠨ᠂ ᠭᠡᠷ ᠪᠦᠯᠢ ᠶᠢᠨ ᠡᠶ᠎ᠡ ᠵᠣᠬᠢᠴᠠᠯ ᠢ

ᠠᠬᠢᠭᠤᠯᠵᠤ᠂ ᠢᠳᠡᠪᠬᠢᠲᠡᠢ ᠥᠭᠡᠳᠡᠷᠬᠡᠭ ᠰᠢᠨ᠎ᠡ ᠮᠠᠶ᠋ᠢᠭ ᠤᠨ ᠤᠷᠤᠭ ᠬᠤᠷᠢᠮ ᠦᠷᠡᠵᠢᠯ ᠤᠨ ᠰᠣᠶᠣᠯ ᠢ ᠪᠤᠢ ᠪᠣᠯᠭᠠᠨ᠎ᠠ᠃

    ᠬᠤᠷᠠᠯ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃

   

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ 

ᠪᠡᠯᠡᠳᠭᠡᠭᠰᠡᠨ ᠨᠢ᠄ ᠭᠠᠩᠭ᠎ᠠ

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2