ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠤᠷᠲᠠᠯ ᠤᠨ ᠪᠠᠶᠢᠭᠤᠯᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/3

    ᠲᠦᠷᠦᠭᠦᠬᠡᠨ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠤᠷᠲᠠᠯ ᠤᠨ

ᠪᠠᠶᠢᠭᠤᠯᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠪᠥᠬᠦ

ᠲᠠᠯ᠎ᠠ ᠪᠠᠷ ᠴᠢᠩᠭᠠᠳᠬᠠᠪᠠ᠃

    ᠨᠢᠭᠡ ᠳᠤ᠂ ᠲᠣᠰ ᠲᠣᠪᠴᠢᠶ᠎ᠠ ᠪᠥᠬᠦ ᠺᠠᠳ᠋ᠷ ᠠᠵᠢᠯᠲᠠᠨ ᠠᠵᠢᠯᠴᠢᠨ ᠤ ᠲᠤᠰᠬᠠᠶ ᠴᠡᠭᠴᠡᠯᠡᠨ ᠵᠠᠰᠠᠬᠤ

ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂

ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ

ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠳᠤ

ᠰᠤᠷᠲᠠᠯ ᠤᠨ ᠪᠠᠶᠢᠭᠤᠯᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠪᠥᠬᠦ ᠺᠠᠳ᠋ᠷ ᠠᠵᠢᠯᠲᠠᠨ

ᠠᠵᠢᠯᠴᠢᠨ ᠤ ᠦᠵᠡᠯ ᠰᠠᠨᠠᠭ᠎ᠠ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠴᠢᠩᠭ᠎ᠠ︾ ᠶᠢ

ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ

ᠥᠬᠡᠶ ᠳᠡᠭᠡᠭᠰᠢᠯᠡᠭᠦᠯᠪᠡ᠃

    ᠬᠤᠶᠠᠷ ᠲᠤ᠂ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ

ᠡᠯ᠎ᠡ ᠵᠦᠢᠯ ᠤᠨ ᠲᠣᠭᠲᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠪᠠ ᠴᠢᠩᠭ᠎ᠠ ᠬᠡᠷᠡᠭᠵᠢᠭᠦᠯᠵᠦ᠂

ᠪᠠᠶᠢᠭᠤᠯᠭ᠎ᠠ ᠶᠢᠨ ᠲᠠᠰᠤᠭ ᠤᠨ ᠬᠡᠷᠡᠭᠵᠢᠭᠦᠯᠬᠦ ᠰᠤᠷᠲᠠᠯ ᠤᠨ ᠪᠠᠶᠢᠭᠤᠯᠤᠯᠲᠠ ᠶᠢᠨ ᠲᠣᠭᠲᠠᠭᠠᠯ ᠪᠣᠯᠤᠨ ᠬᠡᠷᠡᠭᠵᠢᠭᠦᠯᠬᠦ

ᠠᠵᠢᠯ ᠤᠨ ᠰᠠᠬᠢᠯᠭ᠎ᠠ ᠪᠠᠲᠤ ᠶᠢᠨ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠯᠲᠠ ᠬᠢᠬᠦ ᠶᠢ ᠴᠢᠩᠭᠠᠳᠬᠠᠵᠤ᠂

ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠨᠡᠩ ᠴᠢᠨᠠᠷ

ᠰᠠᠶᠢᠲᠠᠢ ᠥᠨᠳᠥᠷ ᠪᠦᠲᠦᠮᠵᠢᠲᠡᠢ ᠪᠠᠶᠢᠭᠠᠯᠢ ᠶᠢᠨ ᠡᠬᠢ ᠪᠠᠶᠠᠯᠢᠭ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠤᠢ

ᠪᠣᠯᠭᠠᠨ᠎ᠠ᠃

    ᠭᠤᠷᠪᠠ ᠳᠤ᠂ ︽ᠪᠥᠬᠦ ᠶᠠᠪᠤᠴᠠ ᠶᠢ ᠰᠢᠯᠢᠳᠡᠭᠵᠢᠭᠦᠯᠦᠨ ᠬᠢᠨᠠᠨ ᠵᠥᠪᠰᠢᠶᠡᠷᠡᠬᠦ᠂ ᠪᠥᠬᠦ ᠣᠷᠣᠨ ᠪᠦᠰᠡ ᠶᠢᠨ

ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠪᠥᠬᠦ ᠵᠠᠩᠭᠢᠯᠠᠭ᠎ᠠ ᠶᠢᠨ ᠴᠡᠭ ᠤᠨ ᠦᠷ᠎ᠡ ᠪᠦᠲᠦᠮᠵᠢ ᠶᠢ ᠬᠢᠨᠠᠨ

ᠬᠠᠮᠢᠶᠠᠷᠬᠤ︾ ᠦᠢᠯᠡᠴᠢᠯᠡᠭᠡᠨ ᠤ ᠣᠨᠣᠯᠵᠢᠬᠤᠨ ᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠶᠢ ᠡᠭᠦᠳᠬᠦ

ᠠᠭᠤᠯᠤᠭᠳᠠᠬᠤᠨ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠰᠢᠰᠲ᠋ᠧᠮᠵᠢ ᠶᠢᠨ ᠰᠢᠨ᠎ᠡ ᠶᠢ

ᠡᠭᠦᠳᠦᠨ ᠲᠡᠭᠦᠯᠳᠡᠷᠵᠢᠭᠦᠯᠵᠦ᠂ ᠪᠥᠬᠦ ᠰᠢᠶᠠᠨ ᠤ ᠲᠥᠷᠥᠯ ᠵᠦᠢᠯ ᠤᠨ ᠬᠡᠷᠡᠭᠯᠡᠬᠦ ᠭᠠᠵᠠᠷ ᠢᠯᠠᠩᠭᠤᠶ᠎ᠠ

ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠣᠮᠣ ᠲᠥᠷᠥᠯ ᠵᠦᠢᠯ ᠤᠨ ᠬᠡᠷᠡᠭᠯᠡᠬᠦ ᠭᠠᠵᠠᠷ ᠲᠤ ᠭᠠᠵᠠᠷ ᠬᠡᠷᠡᠭᠯᠡᠬᠦ

ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠷᠣᠨ ᠵᠠᠶ ᠶᠢ

ᠥᠷᠭᠡᠳᠬᠡᠨ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠲᠥᠪᠯᠡᠷᠡᠭᠦᠯᠵᠦ᠂ ᠭᠠᠵᠠᠷ

ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃

    ᠲᠦᠷᠪᠡ ᠳᠤ᠂ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ

ᠵᠠᠰᠠᠭ ᠤᠨ ᠬᠥᠮᠦᠵᠢᠯ ᠪᠣᠯᠤᠨ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠺᠠᠳ᠋ᠷ ᠠᠵᠢᠯᠳᠠᠨ ᠤ ᠲᠤᠬᠠᠶᠢᠯᠠᠭᠰᠠᠨ

ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ

ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠠᠶᠢᠨ ᠰᠠᠶᠢᠬᠠᠨ ᠦᠢᠯᠡᠴᠢᠯᠡᠭᠡᠨ ᠤ ᠲᠦᠷᠢ ᠲᠥᠷᠬᠦ ᠶᠢ ᠪᠤᠢ ᠪᠣᠯᠭᠠᠵᠤ᠂

ᠣᠷᠣᠨ ᠨᠤᠲᠤᠭ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠳᠤ ᠴᠢᠩᠭ᠎ᠠ ᠬᠦᠴᠦᠲᠡᠢ ᠭᠠᠵᠠᠷ ᠬᠡᠷᠡᠭᠯᠡᠬᠦ

ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2