3 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠪᠦᠯᠬᠦᠮ | ᠳᠠᠭᠠᠭᠤᠯᠤᠨ ᠴᠦᠩᠴᠢᠩ ᠳᠤ ᠬᠦᠷᠴᠦ ᠴᠦᠩᠴᠢᠩ ᠤᠨ ᠱᠧᠩ ᠢᠦᠢ ᠪᠦᠯᠦᠭᠯᠡᠯ᠂ ᠴᠦᠩᠴᠢᠩ ᠳᠤ ᠮᠠᠰᠢᠨ ᠴᠠᠬᠢᠯᠭᠠᠨ ᠤ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠲᠣᠭᠤᠷᠢᠨ ᠦᠵᠡᠭᠰᠡᠨ ᠪᠥᠭᠡᠳ ᠲᠦᠷᠦᠯ ᠵᠦᠢᠯ ᠤᠨ ᠰᠣᠯᠢᠯᠴᠠᠭ᠎ᠠ | ᠵᠥᠪᠳᠡᠯᠴᠡᠬᠡᠷ ᠤᠨ ᠬᠤᠷᠠᠯ ᠬᠤᠷᠠᠯᠳᠤᠭᠤᠯᠪᠠ᠃ | | ᠶᠠᠷᠢᠯᠴᠠᠬᠤ ᠬᠤᠷᠠᠯ ᠳᠡᠭᠡᠷ᠎ᠡ᠂ ᠰᠢᠤᠸᠠᠢ ᠹᠧᠩ ᠴᠢᠩ ᠢᠯᠡᠷᠬᠡᠶᠢᠯᠡᠬᠦ ᠳᠡᠭᠡᠨ᠂ ᠲᠡᠮᠦᠷ ᠤᠨ ᠬᠠᠶᠢᠯᠤᠰᠢ ᠶᠢᠨ ᠠᠵᠤ | ᠦᠢᠯᠡᠰ ᠨᠢ ᠬᠤᠸᠠᠳᠧ ᠰᠢᠶᠠᠨ ᠤ ᠲᠤᠯᠭᠠᠭᠤᠷᠢ ᠠᠵᠤ ᠦᠢᠯᠡᠰ ᠤᠨ ᠨᠢᠭᠡ ᠪᠣᠯᠤᠭᠰᠠᠨ ᠤ ᠬᠤᠪᠢ ᠳᠤ᠂ ᠲᠣᠰ ᠤᠳᠠᠭᠠᠨ ᠤ | ᠰᠣᠯᠢᠯᠴᠠᠭ᠎ᠠ ᠬᠡᠯᠡᠯᠴᠡᠭᠡ ᠪᠠᠷ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ ᠬᠤᠸᠠᠳᠧ ᠰᠢᠶᠠᠨ ᠳᠤ ᠬᠦᠷᠴᠦ ᠪᠠᠯᠠ | ᠣᠷᠣᠭᠤᠯᠤᠨ ᠦᠢᠯᠡᠳᠪᠦᠷᠢ ᠪᠠᠶᠢᠭᠤᠯᠬᠤ ᠬᠦᠰᠡᠯ ᠡᠷᠡᠮᠡᠯᠵᠡᠯ ᠢᠶᠠᠨ ᠨᠡᠮᠡᠭᠳᠡᠭᠦᠯᠵᠦ᠂ ᠬᠠᠮᠲᠤ ᠪᠠᠷ ᠠᠰᠢᠭ ᠭᠥᠷᠳᠡᠬᠦ | ᠬᠥᠭᠵᠢᠯᠲᠡ ᠶᠢ ᠠᠬᠢᠭᠤᠯᠵᠤ᠂ ᠬᠠᠮᠲᠤᠷᠠᠯᠴᠠᠭᠠᠨ ᠤ ᠭᠦᠨᠴᠡ ᠪᠠ ᠥᠷᠭᠡᠴᠡ ᠪᠠᠨ ᠲᠠᠰᠤᠷᠠᠯᠲᠠ ᠥᠬᠡᠶ ᠥᠷᠭᠡᠳᠬᠡᠵᠦ᠂ | ᠬᠠᠮᠲᠤᠷᠠᠯᠴᠠᠭᠠᠨ ᠤ ᠮᠣᠳᠣ ᠶᠢ ᠨᠠᠩ ᠣᠯᠠᠨ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠶ᠃ | ᠬᠤᠸᠠᠳᠧ ᠰᠢᠶᠠᠨ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠰᠡᠳᠬᠢᠯ ᠲᠠᠯᠪᠢᠨ ᠰᠠᠶᠢᠲᠤᠷ ᠬᠢᠵᠦ᠂ | ᠬᠠᠮᠲᠤᠷᠠᠯᠴᠠᠭᠠᠨ ᠤ ᠵᠦᠢᠯᠡᠰ ᠢ ᠰᠠᠶᠢᠲᠤᠷ ᠨᠠᠶᠢᠳᠠᠪᠤᠷᠢᠵᠢᠭᠤᠯᠵᠤ᠂ ᠲᠥᠯᠥᠪᠵᠢᠭᠦᠯᠦᠭᠰᠡᠨ ᠵᠦᠢᠯᠡᠰ ᠢ ᠰᠠᠶᠢᠲᠤᠷ ᠠᠬᠢᠭᠤᠯᠵᠤ | ᠂ ᠬᠠᠮᠲᠤᠷᠠᠯᠴᠠᠭ᠎ᠠ ᠳᠤ ᠦᠨᠡᠨ ᠪᠣᠳᠠᠲᠠᠢ ᠦᠷ᠎ᠡ ᠪᠦᠲᠦᠭᠡᠯ ᠤᠯᠬᠤ ᠶᠢ ᠠᠬᠢᠭᠤᠯᠵᠤ᠂ ᠬᠤᠸᠠᠳᠧ ᠰᠢᠶᠠᠨ ᠤ ᠲᠡᠮᠦᠷ ᠤᠨ | ᠬᠠᠶᠢᠯᠤᠰᠢ ᠶᠢᠨ ᠠᠵᠤ ᠦᠢᠯᠡᠰ ᠤᠨ ᠬᠡᠯᠬᠢᠶ᠎ᠡ ᠶᠢ ᠨᠡᠩ ᠪᠠᠶᠠᠯᠢᠭᠵᠢᠭᠤᠯᠤᠨ᠎ᠠ᠃ | ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠣᠯᠢᠯᠴᠠᠭ᠎ᠠ | ᠵᠣᠯᠭᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ | ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠲᠥᠷᠥᠯ ᠵᠦᠢᠯ ᠤᠨ ᠪᠠᠯᠠ | ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠥᠷᠢᠯᠡᠬᠦ ᠵᠡᠷᠭᠡ ᠲᠠᠯ᠎ᠠ ᠪᠠᠷ ᠨᠠᠩ ᠣᠯᠠᠨ ᠭᠦᠨᠵᠡᠭᠡᠶ ᠬᠠᠮᠲᠤᠷᠠᠯᠴᠠᠭ᠎ᠠ ᠲᠣᠭᠲᠠᠵᠤ᠂ ᠨᠠᠩ ᠣᠯᠠᠨ ᠬᠠᠷᠢᠯᠴᠠᠨ | ᠠᠰᠢᠭᠲᠠᠶ ᠬᠠᠮᠲᠤ ᠪᠠᠷ ᠠᠰᠢᠭ ᠭᠥᠷᠳᠡᠬᠦ ᠦᠷ᠎ᠡ ᠪᠦᠲᠦᠭᠡᠯ ᠤᠯᠬᠤ ᠪᠠᠷ ᠴᠢᠷᠮᠠᠶᠢᠨ᠎ᠠ ᠭᠡᠵᠡᠶ᠃ | ᠣᠶᠢᠯᠠᠭᠠᠭᠰᠠᠨ ᠢᠶᠠᠷ᠂ ᠴᠦᠩᠴᠢᠩ ᠤᠨ ᠮᠠᠰᠢᠨ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ | 2007 ᠣᠨ ᠳᠤ᠂ 20 ᠣ 8 ᠣᠨ ᠳᠤ᠂ ᠰᠢᠶᠠᠩᠬᠠᠩ ᠳᠤ ᠵᠠᠬ᠎ᠠ ᠳᠡᠯᠭᠡᠭᠦᠷ ᠲᠤ ᠰᠲ᠋ᠣᠺ ᠭᠠᠷᠭᠠᠭᠰᠠᠨ ᠪᠠᠶᠢᠨ᠎ᠠ᠃ | ᠳᠤᠮᠳᠠᠳᠤ ᠤᠯᠤᠰ ᠤᠨ ᠪᠠᠷᠠᠭᠤᠨ ᠣᠷᠣᠨ ᠤ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠲᠣᠨᠤᠭ ᠲᠥᠬᠦᠭᠡᠷᠦᠮᠵᠢ ᠦᠶ᠋ᠯᠡᠳᠬᠦ | ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠴᠡᠪᠡᠷ ᠡᠨᠧᠷᠭᠢ ᠶᠢᠨ ᠲᠣᠨᠤᠭ ᠲᠥᠬᠦᠭᠡᠷᠦᠮᠵᠢ᠂ ᠳᠡᠭᠡᠳᠦ ᠲᠠᠰ ᠤᠨ | ᠣᠶᠤᠨᠴᠢ ᠲᠣᠨᠤᠭ ᠲᠥᠬᠦᠭᠡᠷᠦᠮᠵᠢ᠂ ᠠᠵᠤ ᠦᠢᠯᠡᠳᠪᠦᠷᠢ ᠶᠢᠨ ᠦᠢᠯᠡᠴᠢᠯᠡᠭᠡ ᠵᠡᠷᠭᠡ ᠭᠤᠷᠪᠠᠨ ᠶᠡᠭᠡ ᠬᠡᠰᠡᠭ ᠲᠤ | ᠠᠩᠬᠠᠷᠤᠯ ᠢᠶᠠᠨ ᠲᠥᠪᠯᠡᠷᠡᠭᠦᠯᠵᠦ᠂ ︽ᠳᠤᠮᠳᠠᠳᠤ ᠤᠯᠤᠰ ᠤᠨ ᠮᠠᠰᠢᠨ ᠮᠧᠬᠠᠨᠢᠭ ᠤᠨ 500 ᠬᠦᠴᠦᠷᠬᠡᠭ︾᠂ ︽ | ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ 500 | ᠬᠦᠴᠦᠷᠬᠡᠭ︾ ᠲᠤ ᠣᠯᠠᠨ ᠤᠳᠠᠭ᠎ᠠ ᠰᠣᠩᠭᠤᠭᠳᠠᠪᠠ᠃ | ᠴᠦᠩᠴᠢᠩ ᠤᠨ ᠱᠤᠩ ᠢᠦᠢ ᠪᠦᠯᠦᠭᠯᠡᠯ 2005 ᠣᠨ ᠳᠤ ᠠᠷᠠᠳ ᠠᠴᠠ ᠡᠵᠡᠩᠨᠡᠭᠰᠡᠨ ᠬᠤᠪᠢ ᠣᠷᠣᠭᠤᠯᠤᠭᠰᠠᠨ | ᠳᠦᠷᠢᠮᠲᠦ ᠠᠵᠤ ᠠᠬᠤᠢᠯᠠᠯ ᠢ ᠵᠢᠩᠬᠢᠨᠢ ᠪᠠᠷ ᠪᠠᠢᠭᠤᠯᠵᠠᠢ᠃ ᠭᠤᠣᠯᠳᠠᠭᠤ ᠲᠡᠮᠦᠷᠯᠢᠭ ᠮᠠᠲ᠋ᠧᠷᠢᠶᠠᠯ᠂ ᠮᠠᠰᠢᠨ ᠴᠠᠬᠢᠯᠭᠠᠨ ᠤ | ᠦᠢᠯᠡᠳᠬᠦᠨ᠂ ᠲᠡᠮᠦᠷᠯᠢᠭ ᠬᠠᠶᠢᠯᠤᠭᠤᠯᠬᠤ ᠵᠤᠤᠬ᠎ᠠ᠂ ᠲᠡᠮᠦᠷᠯᠢᠭ ᠤᠨ ᠠᠭᠤᠷᠬᠠᠢ ᠶᠢᠨ ᠪᠦᠲᠦᠭᠡᠭᠳᠡᠬᠦᠨ ᠢ ᠡᠳ᠋ᠰᠢᠭᠦᠯᠦᠨ | ᠪᠣᠷᠣᠯᠠᠭᠤᠯᠵᠤ᠂ ᠥᠷᠭᠡᠨ ᠤᠯᠠᠨ ᠲᠡᠮᠦᠷ ᠤᠨ ᠬᠠᠶᠢᠯᠤᠰᠢ ᠶᠢᠨ ᠳᠡᠭᠡᠳᠦ ᠳᠤᠤᠷᠠᠳᠤ ᠤᠷᠤᠰᠬᠠᠯ ᠤᠨ ᠬᠡᠷᠡᠭᠯᠡᠭᠴᠢ ᠲᠠᠢ | ᠤᠷᠳᠤ ᠬᠤᠭᠤᠴᠠᠭᠠᠨ ᠤ ᠨᠥᠬᠦᠷᠰᠡᠭ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠵᠤ᠂ ᠡᠯᠪᠡᠭ ᠪᠠᠶᠠᠯᠢᠭ ᠤᠯᠠᠨ | ᠶᠠᠩᠵᠤ ᠶᠢᠨ ᠲᠡᠮᠦᠷ ᠤᠨ ᠬᠠᠶᠢᠯᠤᠰᠢ ᠶᠢᠨ ᠪᠣᠷᠣᠯᠠᠭᠤᠯᠭ᠎ᠠ ᠶᠢᠨ ᠠᠷᠭ᠎ᠠ ᠵᠠᠮ ᠲᠠᠢ ᠪᠣᠯᠪᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠶᠤᠤ | ᠵᠧᠨ ᠢᠦᠢ᠂ ᠰᠢᠶᠠᠨ ᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ | ᠯᠢ ᠬᠤᠩ ᠮᠢᠨ᠂ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ | ᠠᠬᠢᠭᠤᠯᠬᠤ ᠲᠥᠪ ᠤᠨ ᠭᠤᠣᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |