3 ᠰᠠᠷ᠎ᠠ ᠶᠢᠨ 13 ᠤ ᠡᠳᠦᠷ᠂ ᠮᠠᠨ ᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠪᠠᠶᠢᠭᠤᠯᠭ᠎ᠠ ᠶᠢᠨ ᠨᠠᠮ ᠤᠨ ᠡᠭᠦᠷ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ | ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠬᠤᠷᠠᠯ ᠢ ᠬᠤᠷᠠᠯᠳᠤᠭᠤᠯᠪᠠ᠃ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠠᠵᠢᠯ ᠲᠦᠷᠦᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠠᠵᠢᠯ ᠲᠦᠷᠦᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠥᠷᠪᠡᠳᠦᠭᠡᠷ ᠵᠢᠯᠣᠭᠤᠳᠬᠤ ᠳᠤᠭᠤᠶᠢᠯᠠᠩ ᠤᠨ | ᠪᠦᠷᠢᠯᠳᠦᠬᠦᠨ᠂ ᠲᠤᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠬᠤᠷᠠᠯ ᠳᠤ ᠣᠷᠣᠯᠴᠠᠪᠠ | ᠃ ᠨᠠᠮ ᠤᠨ ᠠᠵᠢᠯ ᠤᠨ ᠬᠤᠷᠢᠶᠠᠨ ᠤ ᠱᠦᠵᠢ ᠼᠤᠤ ᠳ᠋ᠧᠩ ᠹᠧᠩ ᠨᠥᠬᠦᠷ ᠨᠠᠮ ᠤᠨ ᠭᠡᠰᠢᠭᠦᠨ ᠤ ᠬᠤᠪᠢ ᠪᠠᠷ ᠲᠤᠰ | ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ᠂ ᠨᠠᠮ ᠤᠨ ᠡᠭᠦᠷ ᠤᠨ ᠳᠡᠳ᠋ ᠱᠦᠵᠢ ᠵᠠᠩ ᠬᠠᠢ ᠶᠠᠨ ᠨᠥᠬᠦᠷ 2023 ᠣᠨ ᠤ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠪᠣᠯᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠠᠴᠠ | ᠡᠮᠦᠨᠡᠬᠢ ᠪᠡᠯᠡᠳᠬᠡᠯ ᠵᠢᠴᠢ ᠰᠠᠨᠠᠯ ᠬᠤᠷᠢᠶᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ︔ ᠲᠡᠷᠡ ᠤᠳᠤᠷᠢᠳᠬᠤ ᠪᠠᠭ ᠢᠶᠠᠨ | ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠨᠠᠮ ᠤᠨ ᠭᠡᠰᠢᠭᠦᠨ ᠨᠢᠭᠡᠪᠦᠷᠢ ᠬᠠᠷᠢᠴᠠᠭᠤᠯᠤᠨ ᠶᠠᠷᠢᠶ᠎ᠠ ᠲᠠᠯᠪᠢᠭᠰᠠᠨ ᠪᠥᠭᠡᠳ | ᠰᠢᠭᠦᠮᠵᠢᠯᠡᠯ ᠥᠷᠨᠢᠭᠦᠯᠵᠦ᠂ ᠨᠠᠮ ᠤᠨ ᠭᠡᠰᠢᠭᠦᠨ ᠨᠢᠭᠡᠪᠦᠷᠢ ᠪᠤᠰᠤᠳ ᠨᠥᠬᠦᠳ ᠤᠨ ᠳᠤᠷᠠᠳᠤᠭᠰᠠᠨ ᠰᠢᠭᠦᠮᠵᠢᠯᠡᠯ ᠰᠠᠨᠠᠯ ᠤᠨ | ᠲᠤᠬᠠᠢ ᠣᠪᠣᠷ ᠢᠶᠠᠨ ᠢᠯᠡᠳᠬᠡᠬᠦ ᠦᠭᠡ ᠬᠡᠯᠡᠪᠡ︔ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢᠶᠠᠷ ᠳᠠᠮᠵᠢᠨ᠂ ᠨᠠᠮ ᠤᠨ | ᠭᠡᠰᠢᠭᠦᠳ ᠦᠵᠡᠯ ᠰᠠᠨᠠᠭ᠎ᠠ ᠪᠠᠨ ᠨᠢᠭᠡᠳᠬᠡᠭᠰᠡᠨ ᠤ ᠳᠠᠷᠠᠭ᠎ᠠ ᠦᠵᠡᠯ ᠰᠠᠨᠠᠭ᠎ᠠ ᠪᠠᠨ ᠨᠢᠭᠡᠳᠬᠡᠵᠦ᠂ ᠨᠠᠮ ᠤᠨ ᠭᠡᠰᠢᠭᠦᠨ ᠢ | ᠠᠷᠠᠳᠴᠢᠯᠠᠯ ᠢᠶᠠᠷ ᠦᠨᠡᠯᠡᠬᠦ ᠠᠵᠢᠯ ᠢ ᠥᠷᠨᠢᠭᠦᠯᠪᠡ᠃ | ᠳᠥᠷᠪᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠵᠢᠩ ᠨᠥᠬᠦᠷ ᠦᠨᠡᠯᠡᠯᠲᠡ ᠬᠢᠵᠦ ᠶᠠᠷᠢᠶ᠎ᠠ | ᠲᠠᠯᠪᠢᠬᠤ ᠳᠠᠭᠠᠨ᠂ ᠲᠤᠰ ᠤᠳᠠᠭᠠᠨ ᠤ ᠬᠤᠷᠠᠯ ᠤᠨ ᠪᠡᠯᠡᠳᠬᠡᠯ ᠭᠦᠢᠴᠡᠳ᠂ ᠵᠣᠬᠢᠶᠠᠨ ᠪᠠᠶᠢᠭᠤᠯᠤᠯᠲᠠ ᠡᠮᠬᠢ ᠵᠢᠷᠤᠮ ᠲᠠᠢ᠂ | ᠵᠠᠳᠠᠯᠤᠨ ᠰᠢᠨᠵᠢᠯᠡᠯᠲᠡ ᠭᠦᠨᠵᠡᠭᠡᠢ᠂ ᠣᠪᠣᠷ ᠣᠪᠣᠷ ᠦᠨᠡᠨᠴᠢ ᠬᠠᠷᠢᠯᠴᠠᠨ ᠰᠢᠭᠦᠮᠵᠢᠯᠡᠯ ᠬᠢᠵᠦ᠂ ᠭᠤᠣᠯ ᠰᠡᠳᠦᠪ ᠲᠤ | ᠰᠢᠭᠤᠳ ᠣᠷᠣᠵᠤ᠂ ᠦᠵᠡᠯ ᠰᠠᠨᠠᠭ᠎ᠠ ᠪᠠᠨ ᠰᠣᠯᠢᠯᠴᠠᠬᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ | ᠪᠦᠯᠬᠦᠮᠳᠡᠯ ᠢᠶᠠᠨ ᠴᠢᠩᠭᠠᠳᠬᠠᠬᠤ᠂ ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ ᠬᠦᠷᠴᠡᠢ᠃ | ᠼᠤᠤ ᠳ᠋ᠧᠩ ᠹᠧᠩ ᠨᠥᠬᠦᠷ ᠲᠤᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠭᠦᠢᠴᠡᠳ | ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠨᠠᠮ ᠤᠨ | ᠭᠡᠰᠢᠭᠦᠨ ᠺᠠᠳ᠋ᠷᠴᠤᠳ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠬᠠᠷᠠᠯᠲᠠ | ᠪᠣᠯᠭᠠᠨ᠎ᠠ᠂ ᠨᠢᠭᠡ ᠳᠤ᠂ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠦᠨᠡᠨᠴᠢ ᠰᠢᠳᠤᠷᠭᠤ ᠶᠢ | ᠪᠠᠲᠤᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ | ᠵᠢᠯᠤᠭᠤᠳᠬᠤ ᠶᠢ ᠪᠠᠷᠢᠮᠲᠠᠯᠠᠬᠤ ᠬᠡᠷᠡᠭᠲᠡᠢ︔ ᠬᠤᠶᠠᠷ ᠲᠤ᠂ ᠪᠦᠬᠦ ᠲᠠᠯ᠎ᠠ ᠶᠢᠨ ᠬᠠᠷᠠᠭᠠᠰᠤ ᠪᠠᠨ ᠴᠢᠩᠭᠠᠳᠬᠠᠵᠤ᠂ | ᠤᠬᠠᠮᠰᠠᠷ ᠠᠴᠠ ᠪᠠᠨ ᠨᠠᠮ ᠤᠨ ᠡᠭᠦᠷ ᠤᠨ ᠠᠵᠢᠯ ᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ | ᠪᠠᠶᠢᠷᠢᠰᠢᠯ ᠳᠤ ᠣᠷᠣᠭᠤᠯᠤᠨ ᠲᠥᠯᠥᠪᠵᠢᠭᠦᠯᠦᠨ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ | ᠴᠢᠨᠠᠷ ᠰᠠᠶᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ︔ ᠭᠤᠷᠪᠠ ᠳᠤ᠂ ᠲᠤᠰᠬᠠᠢ ᠮᠡᠷᠭᠡᠵᠢᠯ ᠤᠨ | ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠤ ᠡᠩᠨᠡᠭᠡ ᠶᠢ | ᠪᠠᠶᠢᠭᠤᠯᠵᠤ᠂ ᠬᠠᠷᠠᠯᠲᠠ ᠬᠦᠷᠦᠯᠴᠡᠬᠦ ᠦᠭᠡᠢ ᠵᠦᠢᠯ ᠪᠠᠶᠢᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ | ᠵᠠᠩ ᠬᠠᠢ ᠶᠠᠨ ᠨᠥᠬᠦᠷ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠪᠠᠭ ᠢ ᠲᠥᠯᠥᠭᠡᠯᠡᠨ ᠣᠪᠣᠷ ᠢᠶᠠᠨ | ᠢᠯᠡᠳᠬᠡᠵᠦ᠂ ᠲᠤᠰ ᠤᠳᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ | ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ᠲᠠᠨᠢᠯᠲᠠ ᠪᠠᠨ ᠨᠡᠩ ᠪᠣᠳᠠᠲᠠᠶᠢᠵᠢᠭᠤᠯᠵᠤ᠂ ᠠᠵᠢᠯᠯᠠᠭ᠎ᠠ ᠶᠢᠨ ᠲᠠᠯ᠎ᠠ ᠪᠠᠷ ᠨᠡᠩ ᠤᠬᠠᠮᠰᠠᠷ | ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠨᠡᠩ ᠬᠦᠴᠦᠲᠡᠢ ᠪᠣᠯᠭᠠᠵᠤ᠂ ᠬᠤᠸᠠᠳᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠳᠤ ᠬᠦᠴᠦᠷᠬᠡᠭ ᠶᠡᠭᠡ ᠬᠤᠪᠢᠰᠬᠠᠯ ᠤᠨ | ᠬᠥᠳᠡᠯᠭᠡᠬᠦ ᠬᠦᠴᠦᠨ ᠨᠡᠮᠡᠷᠢᠯᠡᠨ᠎ᠡ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |