ᠵᠧᠦ ᠺᠠᠢ ᠬᠤᠸᠠᠳᠧ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/3/4

   3 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ

ᠺᠠᠶ ᠬᠤᠸᠠᠳᠧ ᠰᠢᠶᠠᠨ ᠳᠤ ᠭᠦᠨᠵᠡᠭᠡᠶᠢᠷᠡᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂

ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠤᠭᠰᠠᠨ

ᠪᠥᠭᠡᠳ ᠳᠣᠷᠣᠭᠰᠢ ᠪᠠᠭᠤᠵᠤ ᠰᠤᠷᠪᠤᠯᠵᠢᠯᠠᠭ᠎ᠠ ᠬᠦᠯᠢᠶᠡᠬᠦ ᠶᠢ ᠥᠷᠨᠢᠭᠦᠯᠪᠡ᠃

1741248248815056778.jpg

    3 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠼᠤᠤ ᠹᠸᠢ ᠳ᠋ᠢᠶᠠᠨ

ᠭᠠᠷᠠᠮ ᠤᠨ ᠳᠣᠲᠣᠭᠠᠳᠤ ᠬᠠᠭᠤᠷᠠᠶ ᠶᠢᠨ ᠭᠠᠷᠠᠮ ᠳᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ

ᠪᠠᠶᠢᠳᠠᠯ ᠢ ᠣᠶᠢᠯᠠᠭᠠᠪᠠ᠃ ᠰᠤᠷᠪᠤᠯᠵᠢᠯᠠᠭᠴᠢ ᠯᠢᠦ ᡁᠢ ᠱᠤᠸᠠᠢ ᠰᠡᠭᠦᠳᠡᠷᠯᠡᠪᠡ

    ᠡᠯ ᠳ᠋ᠤᠤ ᠾᠧ ᠲᠣᠰᠬᠤᠨ ᠵᠡᠷᠭᠡ ᠭᠠᠵᠠᠷ ᠲᠤ᠂ ᠵᠧᠦ ᠺᠠᠢ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠤᠨ

ᠠᠰᠢᠭᠯᠠᠯᠲᠠ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ

ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠢ

ᠠᠭᠤᠳᠠᠯᠵᠤ᠂ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠢ ᠭᠦᠨᠵᠡᠭᠡᠢ ᠪᠣᠳᠠᠲᠠᠢ ᠬᠢᠵᠦ᠂ ᠰᠣᠶᠣᠯ ᠵᠤᠭᠠᠴᠠᠯ ᠤᠨ

ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ

ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ

ᠱᠠᠲᠤᠨ ᠤ ᠺᠠᠳ᠋ᠷᠴᠤᠳ ᠢ ᠨᠡᠩ ᠤᠯᠠᠨ ᠴᠠᠭ ᠭᠠᠷᠭᠠᠵᠤ ᠤᠯᠠᠨ ᠲᠦᠮᠡᠨ ᠳᠤ ᠦᠢᠯᠡᠴᠢᠯᠡᠬᠦ ᠪᠣᠯᠭᠠᠬᠤ ᠬᠡᠷᠡᠭᠲᠡᠢ᠃

    ᠴᠢᠩ ᠯᠧ ᠲᠣᠰᠬᠤᠨ᠂ ᠭᠤᠸᠠᠨ ᠸᠧᠢ ᠽᠢ ᠠᠭᠤᠷᠬᠠᠢ ᠵᠡᠷᠭᠡ ᠭᠠᠵᠠᠷ ᠲᠤ᠂ ᠵᠧᠦ ᠺᠠᠢ ᠡᠯᠡᠰᠦᠷᠬᠡᠭᠵᠢᠯ ᠢ

ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠤᠬᠴᠠᠵᠢᠭᠤᠯᠤᠬᠰᠠᠨ

ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠭᠰᠠᠨ ᠵᠡᠷᠭᠡ

ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠠᠮᠢ ᠠᠬᠤᠢ

ᠣᠷᠴᠢᠨ ᠲᠣᠭᠤᠷᠢᠨ ᠤ ᠬᠠᠮᠢᠶ᠎ᠠ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ

ᠰᠠᠶᠢᠲᠤᠷ ᠠᠳᠬᠤᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠵᠦᠢᠴᠢᠯᠡᠨ ᠥᠭᠡᠷᠡᠴᠢᠯᠡᠯᠲᠡ ᠶᠢ ᠠᠬᠢᠭᠤᠯᠬᠤ

ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠬᠡᠯᠡᠪᠡ᠃

    ᠬᠤᠸᠠᠳᠧ ᠰᠢᠶᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠵᠧᠦ ᠺᠠᠢ᠂

ᠬᠤᠸᠠᠳᠧ ᠰᠢᠶᠠᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠢᠮᠠᠭᠲᠠ ᠪᠠᠲᠤ ᠡᠭᠦᠷᠭᠡᠯᠡᠵᠦ᠂ ᠠᠮᠢ ᠠᠬᠤᠢ ᠶᠢᠨ

ᠴᠢᠳᠠᠮᠵᠢ ᠶᠢᠨ ᠲᠦᠷᠦᠯ ᠤᠨ ᠬᠤᠰᠢᠭᠤ ᠰᠢᠶᠠᠨ ᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠮᠠᠨ ᠤ ᠤᠯᠤᠰ ᠤᠨ

ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠲᠠᠯ᠎ᠠ ᠪᠠᠷ

ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠣᠬᠢᠷᠲᠤᠯ ᠦᠭᠡᠢ

ᠲᠡᠮᠦᠷ ᠤᠨ ᠬᠠᠶᠢᠯᠤᠰᠢ᠂ ᠰᠢᠨ᠎ᠡ ᠡᠨᠧᠷᠭᠢ᠂ ᠬᠤᠪᠴᠠᠰᠤ ᠬᠤᠨᠠᠷ ᠵᠡᠷᠭᠡ ᠳᠠᠪᠠᠭᠤᠯᠢᠭ ᠠᠵᠤ ᠦᠢᠯᠡᠰ ᠢ

ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ

ᠪᠤᠶᠢᠵᠢᠭᠤᠯᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠵᠢᠷᠭᠤᠭᠠᠨ ᠠᠵᠢᠯᠯᠠᠭ᠎ᠠ︾ ᠶᠢ ᠰᠠᠶᠢᠲᠤᠷ

ᠥᠷᠨᠢᠭᠦᠯᠵᠦ᠂ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠤᠨ ᠪᠤᠶᠠᠨ

ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂

ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠵᠣᠷᠢᠭᠵᠢᠭᠤᠯᠵᠤ᠂ ᠺᠠᠳ᠋ᠷᠴᠤᠳ ᠢ ᠬᠦᠳᠦᠯᠥᠨ

ᠵᠢᠯᠣᠭᠤᠳᠴᠤ ᠪᠠᠶᠢᠭᠠᠳ ᠳᠦᠭᠦᠷᠡᠩ ᠪᠠᠶᠢᠳᠠᠯ ᠢᠶᠠᠷ ᠠᠵᠢᠯ ᠬᠢᠵᠦ ᠦᠢᠯᠡᠰ ᠪᠤᠰᠬᠠᠬᠤ ᠳᠤᠮᠳᠠ ᠣᠷᠣᠯᠴᠠᠭᠤᠯᠵᠤ᠂

ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠦᠬᠦ ᠬᠦᠴᠦᠨ ᠢᠶᠠᠷ ᠢᠶᠠᠨ ᠰᠢᠪᠲᠤᠯᠬᠤ ᠬᠡᠷᠡᠭᠲᠡᠢ᠃

    ᠡᠨᠡ ᠬᠤᠭᠤᠴᠠᠭᠠᠨ ᠳᠤ᠂ ᠵᠧᠦ ᠺᠠᠢ ᠴᠠᠩᠱᠦ᠋ᠨ ᠪᠠᠯᠭᠠᠰᠤᠨ ᠤ ᠾᠦᠢ ᠮᠢᠨ ᠨᠡᠶᠢᠭᠡᠮ ᠲᠣᠭᠤᠷᠢᠭ ᠲᠤ

ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠤᠪᠠ᠃ ᠲᠡᠷᠡ᠂ ᠰᠢᠨ᠎ᠡ ᠴᠠᠭ ᠦᠶ᠎ᠡ ᠶᠢᠨ ︽ᠹᠧᠩ

ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠢ

ᠠᠬᠢᠭᠤᠯᠵᠤ᠂ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ

ᠬᠡᠷᠡᠭᠲᠡᠢ 

    ᠰᠦᠢ ᠵᠢᠶᠠᠨ ᠬᠤᠸᠠ ᠣᠷᠣᠯᠴᠠᠵᠤ᠃

    ᠢᠷᠡᠯᠳᠡ᠄ ᠤᠯᠠᠭᠠᠨᠴᠠᠪ ᠤᠨ ᠡᠬᠦᠯᠡ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2