ᠣᠶᠢᠷ᠎ᠠ ᠶᠢᠨ ᠬᠤᠭᠤᠴᠠᠭᠠᠨ ᠳᠤ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠤᠬᠠᠭᠤᠯᠭ᠎ᠠ ᠬᠥᠮᠦᠵᠢᠯ ᠢ | ᠴᠢᠩᠭᠠᠳᠬᠠᠬᠤ ᠪᠠᠷ ᠳᠠᠮᠵᠢᠭᠤᠯᠤᠨ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠠᠤᠯᠢ ᠪᠤᠰᠤ ᠪᠠᠷ | ᠠᠭᠤᠷᠬᠠᠶ ᠮᠠᠯᠲᠠᠬᠤ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ | ᠢᠯᠡᠴᠢᠯᠡᠨ ᠮᠡᠳᠡᠭᠦᠯᠬᠦ ᠤᠲᠠᠰᠤ ᠭᠠᠷᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠴᠠᠬᠢᠮ ᠮᠡᠳᠡᠭᠡ | ᠢᠯᠡᠭᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠴᠠᠭᠠᠵᠠ | ᠬᠠᠤᠯᠢ ᠲᠣᠭᠲᠠᠭᠠᠯ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠠᠴᠢ ᠬᠤᠯᠪᠣᠭᠳᠠᠯ ᠢ ᠶᠡᠬᠡᠪᠡᠷ | ᠤᠬᠠᠭᠤᠯᠪᠠ᠃ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠬᠠᠤᠯᠢ ᠪᠤᠰᠤ ᠪᠠᠷ ᠠᠭᠤᠷᠬᠠᠶ ᠮᠠᠯᠲᠠᠬᠤ ᠵᠡᠷᠭᠡ ᠠᠮᠢ | ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ | ᠬᠤᠷᠢᠭᠯᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ | ᠬᠠᠤᠯᠢ ᠶᠢ ᠣᠶᠢᠯᠠᠭᠠᠭᠤᠯᠵᠤ᠂ ᠬᠠᠤᠯᠢ ᠶᠢ ᠰᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠬᠦᠳᠡᠯᠦᠩᠭᠦᠢ ᠪᠠᠷ ᠲᠣᠭᠤᠷᠢᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠬᠡᠰᠡᠭ ᠬᠤᠪᠢᠶᠠᠨ ᠳᠠᠭᠠᠭᠠᠴᠢᠯᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠵᠦ᠂ | ᠬᠢᠨᠠᠨ ᠬᠠᠮᠢᠶᠠᠷᠬᠤ ᠡᠭᠦᠷᠭᠡ ᠪᠠ ᠬᠠᠷᠢᠭᠤᠴᠠᠯᠭ᠎ᠠ ᠶᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠡᠷᠲᠡ | ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠵᠦ᠂ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠴᠤᠬᠤᠶᠢᠵᠤ ᠪᠠᠶᠢᠭ᠎ᠠ ᠪᠠᠶᠢᠳᠠᠯ ᠳᠤᠨᠢ ᠲᠦᠢᠯᠪᠤᠷᠢᠲᠠᠢ ᠠᠷᠢᠯᠭᠠᠬᠤ ᠬᠡᠷᠡᠭᠲᠡᠢ᠃ ᠰᠠᠯᠠᠭ᠎ᠠ ᠮᠥᠴᠢᠷ ᠤᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠲᠠᠷᠢᠶᠠᠯᠠᠩ᠂ ᠤᠢ | ᠰᠢᠭᠤᠶ᠂ ᠳᠣᠲᠣᠭᠠᠳᠤ ᠶᠢ ᠬᠠᠮᠠᠭᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠯᠦᠭᠡ | ᠢᠳᠡᠪᠬᠢᠲᠡᠶ ᠪᠠᠷ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠠᠮᠢ ᠠᠬᠤᠶ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠳᠤ ᠥᠨᠳᠥᠷ ᠳᠠᠷᠤᠯᠲᠠ ᠦᠵᠡᠭᠦᠯᠬᠦ | ᠪᠠᠶᠢᠳᠠᠯ ᠢ ᠪᠠᠲᠤᠯᠠᠬᠤ ᠬᠡᠷᠡᠭᠲᠡᠶ᠃ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠳᠦᠷᠢᠮ᠂ | ᠬᠠᠮᠲᠤᠷᠠᠨ ᠬᠠᠤᠯᠢ ᠬᠡᠷᠡᠭᠵᠢᠭᠦᠯᠬᠦ ᠳᠦᠷᠢᠮ ᠪᠣᠯᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ | ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠣᠯᠵᠤ ᠮᠡᠳᠡᠪᠡᠯ ᠴᠠᠭ ᠲᠤᠬᠠᠶ ᠳᠤᠨᠢ ᠪᠠᠶᠢᠴᠠᠭᠠᠨ ᠰᠢᠶ᠋ᠳᠪᠦᠷᠢᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠢ | ᠡᠪᠳᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠬᠦ ᠬᠦᠴᠦᠷᠬᠡᠭ ᠶᠡᠭᠡ ᠰᠦᠷᠳᠡᠭᠦᠯᠬᠦ ᠬᠦᠴᠦᠨ ᠢ | ᠪᠣᠶ ᠪᠣᠯᠭᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠷ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠶ᠃ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |