ᠡᠨᠡ ᠵᠢᠯ ᠠᠴᠠ ᠨᠠᠰᠢ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ | ᠲᠦᠷᠢᠮ ᠢ ᠤᠯᠠᠮ ᠨᠢᠭᠡ ᠠᠯᠬᠤᠮ ᠴᠢᠩᠳᠠᠯᠠᠵᠤ᠂ ᠪᠦᠬᠦ ᠺᠠᠳ᠋ᠷ ᠠᠵᠢᠯᠳᠠᠨ ᠤ ᠤᠯᠤᠰ ᠲᠦᠷᠦ ᠶᠢᠨ ᠰᠠᠬᠢᠯᠭ᠎ᠠ | ᠪᠠᠲᠤ ᠶᠢᠨ ᠦᠵᠡᠯᠲᠡ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠰᠤᠷᠤᠯᠴᠠᠬᠤ ᠤᠬᠠᠮᠰᠠᠷ᠂ | ᠲᠥᠪᠯᠡᠷᠡᠭᠦᠯᠦᠨ ᠶᠠᠷᠢᠯᠴᠠᠬᠤ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠰᠢᠶᠠᠨ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ︽ᠭᠤᠷᠪᠠ ᠶᠢ ᠴᠢᠩᠭᠠᠳᠬᠠᠬᠤ︾ ᠨᠠᠮ ᠤᠨ ᠳᠣᠲᠣᠭᠠᠳᠤ ᠶᠢᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ᠃ | ᠨᠢᠭᠡ ᠳᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠪᠠᠨ | ᠪᠠᠲᠤᠳᠬᠠᠪᠠ᠃ ᠤᠳᠤᠷᠢᠳᠬᠤ ᠪᠠᠭ ᠲᠦᠷᠦᠭᠦᠯᠡᠨ ᠬᠢᠬᠦ᠂ ᠪᠥᠬᠦ ᠠᠵᠢᠯᠲᠠᠨ ᠢᠶᠠᠨ ᠰᠣᠯᠢᠯᠴᠠᠬᠤ ᠠᠷᠭ᠎ᠠ ᠮᠠᠶ᠋ᠢᠭ ᠢ | ᠠᠪᠴᠤ᠂ ᠤᠷᠢᠳ ᠬᠤᠵᠢᠳ ᠤᠳᠤᠷᠢᠳᠬᠤ ᠪᠠᠭ᠂ ᠪᠥᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ | ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠲᠥᠪᠯᠡᠷᠡᠩᠭᠦᠶ ᠰᠤᠷᠤᠯᠴᠠᠯᠭ᠎ᠠ ᠶᠢ ᠥᠷᠨᠢᠭᠦᠯᠵᠦ᠂ ︽ᠰᠢᠨ᠎ᠡ | ᠪᠠᠶᠢᠳᠠᠯ ᠳᠣᠤᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾ | ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ᠢ | ᠬᠢᠨᠠᠮᠠᠭᠠᠶ ᠰᠤᠷᠤᠯᠴᠠᠨ ᠲᠤᠤᠱᠯᠠᠭᠤᠯᠤᠨ ᠬᠡᠷᠡᠭᠵᠢᠭᠦᠯᠦᠨ᠎ᠡ᠃ ᠰᠢᠷᠢᠰ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠪᠠᠷ | ᠳᠠᠮᠵᠢᠭᠤᠯᠤᠨ᠂ ᠪᠦᠬᠦ ᠨᠠᠮ ᠤᠨ ᠭᠡᠰᠢᠭᠦᠨ ᠤ ᠤᠯᠤᠰ ᠲᠦᠷᠦ ᠶᠢᠨ ᠤᠬᠠᠮᠰᠠᠷ ᠪᠠ ᠶᠡᠭᠡ ᠲᠠᠯ᠎ᠠ ᠶᠢᠨ ᠦᠵᠡᠯᠲᠡ ᠶᠢ | ᠢᠯᠡᠳᠲᠡ ᠴᠢᠩᠭᠠᠳᠬᠠᠪᠠ᠃ | ᠬᠤᠶᠠᠷ ᠲᠤ᠂ ᠰᠠᠬᠢᠯᠭ᠎ᠠ ᠪᠠᠲᠤ ᠶᠢᠨ ᠬᠢᠨᠠᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢᠨ ︽ᠤᠯᠠᠭᠠᠨ ᠱᠤᠭᠤᠮ︾ | ᠢ ᠴᠢᠩᠭ᠎ᠠ ᠰᠠᠬᠢᠬᠤ ᠬᠡᠷᠡᠭᠲᠡᠢ᠃ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠡᠳᠦᠷ ᠲᠤ ᠭᠠᠷ ᠤᠨ ᠦᠰᠦᠭ | ᠵᠢᠷᠤᠬᠤ ᠳᠦᠷᠢᠮ ᠢ ᠬᠡᠷᠡᠭᠵᠢᠭᠦᠯᠦᠨ᠂ ᠴᠢᠯᠥᠭᠡ ᠭᠤᠶᠤᠬᠤ ᠳᠤ ᠡᠷᠬᠡᠪᠰᠢ ᠴᠢᠯᠥᠭᠡ ᠭᠤᠶᠤᠬᠤ ᠴᠢᠯᠥᠭᠡ ᠲᠠᠶᠢᠯᠬᠤ | ᠳᠦᠷᠢᠮ ᠤᠨ ᠶᠣᠰᠣᠭᠠᠷ ᠱᠠᠲᠤ ᠳᠠᠷᠠᠭᠠᠯᠠᠨ ᠵᠥᠪᠰᠢᠶᠡᠷᠡᠭᠦᠯᠬᠦ ᠬᠡᠷᠡᠭᠲᠡᠶ᠃ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ | ᠤᠳᠤᠷᠢᠳᠤᠯᠭ᠎ᠠ ᠠᠴᠠ ᠡᠬᠢᠯᠡᠨ ᠬᠢᠵᠦ᠂ ᠲᠥᠪ ᠤᠨ ᠨᠠᠢᠮᠠᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ | ᠲᠦᠷᠦᠭᠦᠯᠡᠨ ᠠᠯᠪᠠᠨ ᠶᠠᠪᠤᠳᠠᠯ ᠤᠨ ᠵᠣᠴᠢᠯᠠᠭ᠎ᠠ ᠶᠢ ᠴᠢᠩᠭ᠎ᠠ ᠡᠵᠡᠮᠳᠡᠵᠦ᠂ ᠨᠠᠮ ᠤᠨ ᠭᠡᠰᠢᠭᠦᠨ ᠺᠠᠳ᠋ᠷᠴᠤᠳ ᠲᠤ ᠬᠡᠪ | ᠳᠠᠭᠤᠷᠢᠶᠠᠯ ᠪᠤᠯᠵᠤ᠂ ᠪᠠᠶᠢᠭᠤᠯᠭ᠎ᠠ ᠶᠢᠨ ᠺᠠᠳ᠋ᠷ ᠤᠨ ᠰᠤᠷᠲᠠᠯ ᠢᠯᠡᠳᠲᠡ ᠰᠠᠶᠢᠵᠢᠷᠠᠪᠠ᠃ | ᠭᠤᠷᠪᠠ ᠳᠤ᠂ ᠦᠶ᠋ᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ | ᠪᠣᠯᠭᠠᠪᠠ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠴᠢᠬᠤᠯᠠᠴᠢᠯᠠᠵᠤ᠂ ᠺᠠᠳ᠋ᠷ ᠠᠵᠢᠯᠲᠠᠨ | ᠠᠵᠢᠯᠴᠢᠨ ᠤ ᠡᠷᠬᠢᠯᠡᠭᠰᠡᠨ ᠠᠵᠢᠯ ᠤᠨ ᠶᠣᠰᠣ ᠮᠣᠷᠠᠯ ᠤᠨ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠶ᠃ ᠠᠵᠢᠯ ᠤᠨ | ᠳᠤᠮᠳᠠ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ᠂ ᠬᠠᠷᠢᠯᠴᠠᠨ ᠲᠦᠯᠬᠢᠯᠴᠡᠬᠦ᠂ ᠦᠷ᠎ᠡ | ᠪᠦᠲᠦᠮᠵᠢ ᠳᠣᠣᠷ᠎ᠠ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠵᠠᠯᠬᠠᠭᠤ ᠵᠠᠰᠠᠭ ᠬᠤᠶᠢᠷᠭᠤᠰᠢᠬᠤ | ᠵᠡᠷᠭᠡ ᠦᠵᠡᠭᠳᠡᠯ ᠢ ᠡᠷᠡᠰ ᠬᠤᠷᠢᠭᠯᠠᠨ᠎ᠠ᠃ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠠᠳᠬᠤᠬᠤ ᠪᠠᠷ ᠲᠠᠮᠵᠢᠨ᠂ ᠺᠠᠳ᠋ᠷ | ᠠᠵᠢᠯᠳᠠᠨ ᠠᠵᠢᠯᠴᠢᠨ ᠤ ᠠᠵᠢᠯ ᠤᠨ ᠰᠤᠷᠲᠠᠯ ᠢᠯᠡᠳᠲᠡ ᠬᠤᠪᠢᠷᠠᠯᠲᠠ ᠲᠠᠢ ᠪᠤᠯᠵᠤ᠂ ᠦᠢᠯᠡᠴᠢᠯᠡᠭᠡᠨ ᠤ ᠦᠷ᠎ᠡ | ᠪᠦᠲᠦᠮᠵᠢ ᠢᠯᠡᠳᠲᠡ ᠳᠡᠭᠡᠭᠰᠢᠯᠡᠪᠡ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |