ᠴᠤᠤᠶᠠᠩ ᠪᠠᠯᠭᠠᠰᠤᠨ ᠤ 2024 ᠰᠢᠯᠭᠠᠯᠲᠠ ᠶᠢᠨ ᠬᠠᠭᠤᠳᠠᠰᠤ ᠪᠣᠯᠤᠨ 2025 ᠵᠢᠷᠤᠭ ᠲᠥᠯᠥᠪᠯᠡᠭᠡ - ᠪᠠᠯᠭᠠᠰᠤᠨ ᠤ ᠳᠠᠷᠤᠭ᠎ᠠ ᠶᠠᠩ ᠴᠢᠩ ᠹᠧᠩ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2025/3/6

  ᠬᠦᠨᠳᠦᠲᠦ ᠵᠣᠴᠢᠳ᠄ ᠬᠤᠸᠠᠳᠧ ᠰᠢᠶᠠᠨ ᠤ ᠴᠤᠤᠶᠠᠩ ᠪᠠᠯᠭᠠᠰᠤᠨ ᠤ ᠳᠠᠷᠤᠭ᠎ᠠ ᠶᠠᠩ ᠴᠢᠩ ᠹᠧᠩ

  ᠲᠣᠪᠴᠢᠯᠠᠪᠠᠯ᠄ ᠬᠤᠸᠠᠳᠧ ᠰᠢᠶᠠᠨ ᠤ ᠴᠤᠤᠶᠠᠩ ᠪᠠᠯᠭᠠᠰᠤᠨ ᠤ 2024 ᠣᠨ ᠤ ᠬᠥᠭᠵᠢᠯᠲᠡ ᠶᠢᠨ ᠪᠠᠶᠢᠳᠠᠯ

ᠵᠢᠴᠢ 2025 ᠣᠨ ᠤ ᠪᠠᠷᠠᠯᠠᠬᠤ ᠲᠤᠬᠠᠢ ᠶᠢᠨ ᠲᠠᠯᠠᠪᠠᠢ ᠶᠢᠨ ᠰᠤᠷᠪᠤᠯᠵᠢᠯᠠᠭ᠎ᠠ ᠶᠢᠨ ᠲᠤᠬᠠᠢ ᠶᠠᠷᠢᠯᠴᠠᠪᠠ

    

20250212152458922.jpg

ᠰᠤᠷᠪᠤᠯᠵᠢᠯᠠᠨ ᠶᠠᠷᠢᠯᠴᠠᠭᠰᠠᠨ ᠪᠣᠳᠠᠳᠤ ᠲᠡᠮᠳᠡᠭᠯᠡᠯ

    ᠬᠦᠲᠦᠯᠦᠭᠴᠢ ᠤᠯᠠᠨ ᠢᠶᠠᠷ ᠢᠶᠠᠨ ᠰᠠᠶᠢᠨ᠃ ᠥᠨᠥᠳᠦᠷ ᠤᠨ ᠪᠢᠳᠡᠨ ᠤ ᠤᠷᠢᠵᠤ ᠢᠷᠡᠭᠰᠡᠨ ᠬᠦᠨᠳᠦᠲᠦ ᠵᠣᠴᠢᠨ

ᠪᠣᠯ ᠴᠤᠤᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠶᠠᠩ ᠴᠢᠩ ᠹᠧᠩ ᠨᠥᠬᠦᠷ

ᠪᠣᠯᠤᠨ᠎ᠠ᠃ ᠶᠠᠩ ᠪᠠᠯᠭᠠᠰᠤᠨ ᠳᠠᠷᠤᠭ᠎ᠠ ᠡ᠂ ᠲᠠ ᠰᠠᠶᠢᠨ ᠤᠤ︕ ᠤᠯᠠᠨ ᠲᠠᠢ ᠬᠠᠮᠲᠤ ᠴᠤᠤᠶᠠᠩ ᠪᠠᠯᠭᠠᠰᠤᠨ ᠤ

2024 ᠣᠨ ᠤ ᠬᠥᠭᠵᠢᠯᠲᠡ ᠶᠢᠨ ᠪᠠᠶᠢᠳᠠᠯ ᠵᠢᠴᠢ 2025 ᠣᠨ ᠤ ᠪᠠᠷ᠎ᠠ ᠶᠢ ᠪᠠᠷᠠᠯᠠᠪᠠ᠃ ᠡᠩ ᠲᠡᠷᠢᠭᠦᠨ ᠳᠤ᠂

ᠲᠠ ᠪᠢᠳᠡᠨ ᠳᠤ ᠲᠣᠪᠴᠢ ᠲᠠᠨᠢᠯᠴᠠᠭᠤᠯᠤᠶ᠎ᠠ ᠭᠡᠪᠡᠯ᠂ ᠴᠤᠤᠶᠠᠩ ᠪᠠᠯᠭᠠᠰᠤ 2024 ᠣᠨ ᠳᠤ ᠶᠠᠮᠠᠷ ᠶᠠᠮᠠᠷ

ᠭᠤᠣᠯᠳᠠᠯᠭ᠎ᠠ ᠲᠠᠢ ᠠᠵᠢᠯ ᠬᠢᠭᠰᠡᠨ ᠪᠣᠢ︖

    ᠶᠠᠩ ᠪᠠᠯᠭᠠᠰᠤᠨ ᠳᠠᠷᠤᠭ᠎ᠠ᠄ 2024 ᠣᠨ ᠳᠤ᠂ ᠴᠤᠤᠶᠠᠩ ᠪᠠᠯᠭᠠᠰᠤ ᠰᠢᠶᠠᠨ ᠤ ᠨᠠᠮ ᠤᠨ ᠬᠤᠷᠢᠶ᠎ᠠ᠂

ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂

ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂

ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ

ᠰᠤᠷᠤᠯᠴᠠᠨᠲᠤᠤᠱᠯᠠᠭᠠᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ

ᠲᠤᠰᠢᠶᠠᠭᠰᠠᠨ ᠲᠠᠪᠤᠨ ᠶᠡᠭᠡ ᠡᠭᠦᠷᠭᠡ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ

ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠪᠣᠯᠤᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ

ᠢᠨᠵᠧᠨᠧᠷᠢᠩ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ

ᠣᠷᠳᠣᠨ ᠤ ᠠᠵᠢᠯ ᠤᠨ ᠪᠠᠶᠢᠷᠢᠯᠠᠭᠤᠯᠤᠯᠲᠠ ᠪᠣᠯᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠡᠯ᠎ᠡ

ᠵᠦᠢᠯ ᠤᠨ ᠠᠵᠢᠯ ᠢᠶᠠᠨ ᠥᠷᠨᠢᠭᠦᠯᠵᠡᠢ᠃

    ᠠᠮᠢ ᠠᠬᠤᠶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠄ ︽ᠭᠤᠷᠪᠠᠨ ᠤᠮᠠᠷᠠᠲᠤ︾

 ᠶᠢᠨ ᠢᠨᠵᠧᠨᠧᠷᠢᠩ ᠤᠨ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠨ

ᠰᠡᠷᠭᠦᠭᠡᠬᠦ ᠲᠥᠷᠥᠯ ᠵᠦᠢᠯ ᠢ 2330 ᠮᠥ ᠪᠡᠶᠡᠯᠡᠭᠦᠯᠪᠡ᠃ ᠭᠤᠣᠯ ᠮᠥᠷᠡᠨ ᠢ ᠲᠣᠭᠤᠷᠢᠨ ᠪᠠᠶᠢᠴᠠᠭᠠᠬᠤ ᠪᠠ ᠬᠠᠤᠯᠢ

ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ 165 ᠡᠭᠡᠯᠵᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ

ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ 500 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂

ᠬᠤᠯᠠᠭᠠᠶᠢᠯᠠᠨ ᠮᠠᠯᠵᠢᠬᠤ ᠠᠵᠢᠯᠯᠠᠭ᠎ᠠ ᠶᠢ ᠰᠢᠢᠳᠪᠦᠷᠢᠯᠡᠨ᠂ ᠬᠠᠤᠯᠢ ᠪᠤᠰᠤ ᠪᠠᠷ ᠡᠯᠡᠰᠦ ᠶᠢ ᠮᠠᠯᠲᠠᠵᠤ ᠠᠭᠤᠷᠬᠠᠢ

ᠮᠠᠯᠲᠠᠬᠤ ᠳᠤ ᠴᠢᠩᠭ᠎ᠠ ᠴᠣᠬᠢᠯᠲᠠ ᠥᠭᠪᠡ᠃

    ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠠᠮᠲᠤᠯᠢᠭ ᠤᠨ ᠣᠷᠣᠨ ᠰᠠᠭᠤᠴᠠ ᠶᠢᠨ ᠠᠮᠤᠷ ᠲᠦᠪᠰᠢᠨ ᠤ

ᠬᠥᠳᠡᠯᠦᠩᠭᠦᠶ ᠪᠠᠶᠢᠳᠠᠯ ᠢ 4493 ᠡᠷᠦᠬᠡ ᠳᠤ ᠬᠢᠨᠠᠨ ᠬᠡᠮᠵᠢᠯᠲᠡ ᠬᠢᠵᠦ᠂ ᠲᠠᠷᠢᠶᠠᠨ ᠭᠠᠵᠠᠷ ᠢ ᠬᠠᠤᠯᠢ ᠪᠤᠰᠤ ᠪᠠᠷ

ᠡᠵᠡᠯᠡᠨ ᠬᠡᠷᠡᠭᠯᠡᠭᠰᠡᠨ ᠵᠢᠷᠤᠭ ᠤᠨ ᠲᠣᠯᠪᠤ ᠶᠢᠨ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠵᠤ᠂ ᠬᠢᠨᠠᠨ

ᠬᠠᠷᠭᠤᠭᠤᠯᠵᠤ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠪᠥᠬᠦ ᠪᠠᠯᠭᠠᠰᠤᠨ ᠤ ᠲᠠᠷᠢᠶᠠᠯᠠᠩ ᠤᠨ

ᠤᠰᠤᠯᠠᠯᠲᠠ ᠶᠢᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ ᠪᠥᠬᠦ

ᠪᠠᠯᠭᠠᠰᠤᠨ ᠤ ᠤᠰᠤᠨ ᠤ ᠡᠷᠬᠡ ᠶᠢ 76᠂ 240.72 ᠮᠥ ᠬᠤᠪᠢᠶᠠᠷᠢᠯᠠᠬᠤ ᠶᠢ ᠪᠡᠶᠡᠯᠡᠭᠦᠯᠵᠦ᠂ ᠬᠥᠮᠦᠨ ᠤ

ᠤᠤᠭᠤᠬᠤ ᠤᠰᠤᠨ ᠤ ᠬᠡᠮᠵᠢᠶ᠎ᠡ ᠶᠢ 12 ᠵᠠᠰᠠᠭ ᠵᠠᠬᠢᠷᠭᠠᠨ ᠤ ᠲᠣᠰᠬᠤᠨ ᠳᠤ 1043 ᠡᠷᠦᠬᠡ ᠤᠭᠰᠠᠷᠠᠬᠤ ᠶᠢ

ᠨᠠᠶᠢᠳᠠᠪᠤᠷᠢᠵᠢᠭᠤᠯᠤᠨ᠂ ᠤᠰᠤᠨ ᠤ ᠴᠢᠨᠠᠷ ᠢ ᠳᠡᠭᠡᠭᠰᠢᠯᠡᠭᠦᠯᠬᠦ ᠲᠥᠬᠦᠭᠡᠷᠦᠮᠵᠢ ᠶᠢ 1057 ᠤᠭᠰᠠᠷᠠᠬᠤ ᠶᠢ

ᠪᠡᠶᠡᠯᠡᠭᠦᠯᠵᠦ᠂ 6 ᠲᠦᠮᠡ ᠭᠠᠷᠤᠶ ᠮᠥ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠴᠤ᠂ 2564 ᠡᠷᠦᠬᠡ

ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠶᠢ ᠪᠡᠶᠡᠯᠡᠭᠦᠯᠪᠡ︔ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ

ᠤᠬᠠᠭᠤᠯᠭ᠎ᠠ ᠶᠢ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠪᠠᠯᠭᠠᠰᠤᠨ ᠤ ᠳᠣᠲᠣᠷᠠᠬᠢ ︽ᠭᠤᠷᠪᠠᠨ ᠳᠠᠭᠠᠤ

ᠲᠤᠯᠤᠭᠠᠨ ᠲᠣᠭᠤᠷᠢᠭ︾ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠣᠩᠭᠤᠨ ᠢ ᠲᠥᠪᠯᠡᠷᠡᠭᠦᠯᠦᠨ ᠵᠠᠰᠠᠵᠤ᠂

401 ᠣᠩᠭᠤᠨ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ 904 ᠣᠩᠭᠤᠨ ᠢ

ᠬᠠᠲᠠᠭᠤᠷᠠᠭᠤᠯᠪᠠ᠃

    ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠲᠠᠯ᠎ᠠ ᠪᠠᠷ᠄ ᠪᠥᠬᠦ

ᠪᠠᠯᠭᠠᠰᠤᠨ ᠳᠤ ᠡᠷᠦᠬᠡ ᠳᠤ ᠣᠷᠣᠵᠤ 4 ᠤᠳᠠᠭ᠎ᠠ ᠶᠡᠭᠡ ᠪᠠᠶᠢᠳᠠᠯ ᠢ ᠤᠶᠢᠯᠠᠭᠠᠨ ᠵᠢᠭᠰᠠᠭᠠᠵᠤ᠂ ᠭᠤᠤᠯᠳᠠᠯᠭ᠎ᠠ ᠲᠠᠢ

ᠬᠢᠨᠠᠨ ᠬᠡᠮᠵᠢᠬᠦ ᠬᠥᠮᠦᠰ ᠤᠨ 4 ᠤᠳᠠᠭ᠎ᠠ ᠪᠠᠶᠢᠳᠠᠯ ᠢ ᠤᠶᠢᠯᠠᠭᠠᠨ ᠵᠢᠭᠰᠠᠭᠠᠵᠤ᠂ ᠪᠥᠬᠦ ᠪᠠᠯᠭᠠᠰᠤᠨ ᠳᠤ ᠣᠲᠣ

950 ᠡᠷᠦᠬᠡ ᠶᠢᠨ 1914 ᠬᠥᠮᠦᠨ ᠪᠠᠶᠢᠵᠤ᠂ 285 ᠡᠷᠦᠬᠡ ᠶᠢᠨ 523 ᠬᠥᠮᠦᠨ ᠠᠮᠠ ᠶᠢ ᠬᠢᠨᠠᠨ ᠬᠡᠮᠵᠢᠵᠦ᠂

ᠡᠭᠦᠨ ᠳᠤ 92 ᠡᠷᠦᠬᠡ ᠶᠢᠨ 174 ᠬᠥᠮᠦᠨ ᠢ ᠠᠶᠤᠯ ᠲᠦᠭᠰᠢᠭᠦᠷᠢ ᠶᠢ ᠠᠷᠢᠯᠭᠠᠭᠰᠠᠨ ᠥᠬᠡᠶ᠃ ᠪᠣᠳᠠᠲᠤ

ᠪᠠᠶᠢᠳᠠᠯ ᠲᠠᠢ ᠪᠠᠨ ᠤᠶᠠᠯᠳᠤᠭᠤᠯᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂

ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠪᠠᠶᠢᠳᠠᠯ ᠡᠭᠦᠰᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃

ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠠᠯ᠎ᠠ ᠪᠠᠷ᠄ ︽ᠴᠤᠤᠶᠠᠩ

ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ

︾ ᠢ ᠲᠣᠭᠲᠠᠭᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ 586 ᠲᠣᠨ ᠴᠡᠪᠡᠷᠯᠡᠵᠦ᠂ ᠮᠠᠯ

ᠵᠢᠭᠦᠷᠲᠡᠨ ᠤ ᠲᠡᠵᠢᠭᠡᠨ ᠦᠷᠡᠵᠢᠭᠦᠯᠬᠦ ᠪᠠᠭᠠᠰᠤᠨ ᠪᠣᠬᠢᠷᠲᠤᠯ ᠵᠡᠷᠭᠡ ᠲᠠᠷᠢᠶᠠᠯᠠᠩ ᠮᠠᠯ ᠠᠵᠤ ᠠᠬᠤᠶ ᠶᠢᠨ

ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ 1680 ᠭᠠᠷᠤᠶ ᠲᠣᠨ ᠴᠡᠪᠡᠷᠯᠡᠵᠦ᠂ ᠲᠠᠷᠢᠶᠠᠴᠢᠨ ᠲᠦᠮᠡᠨ ᠢ

ᠳᠠᠶᠢᠴᠢᠯᠠᠨ 3683 ᠬᠥᠮᠦᠨ ᠤᠳᠠᠭ᠎ᠠ ᠬᠦᠴᠦ ᠬᠥᠳᠡᠯᠮᠦᠷᠢ ᠣᠷᠣᠭᠤᠯᠪᠠ᠃ 

  ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ᠄ ᠡᠨᠡ ᠵᠢᠯ ᠮᠠᠨ ᠤ ᠪᠠᠯᠭᠠᠰᠤ ᠠᠷᠠᠳ ᠤᠨ

ᠠᠮᠢᠳᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠪᠠᠯᠭᠠᠰᠤᠨ ᠳᠤ ᠲᠠᠪᠤᠨ ᠪᠠᠲᠤᠯᠠᠭᠠᠲᠤ

ᠡᠷᠦᠬᠡ ᠶᠢ 28 ᠬᠥᠮᠦᠨ ᠰᠢᠨ᠎ᠡ ᠪᠠᠷ ᠨᠡᠮᠡᠭᠳᠡᠭᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢ 142

ᠡᠷᠦᠬᠡ 279 ᠬᠥᠮᠦᠨ ᠰᠢᠨ᠎ᠡ ᠪᠠᠷ ᠨᠡᠮᠡᠭᠳᠡᠭᠦᠯᠵᠦ᠂ ᠥᠨᠳᠥᠷ ᠨᠠᠰᠤᠨ ᠤ ᠨᠥᠬᠦᠪᠥᠷᠢ ᠥᠭᠬᠦ 122 ᠬᠥᠮᠦᠨ ᠢ

ᠰᠢᠨ᠎ᠡ ᠪᠠᠷ ᠨᠡᠮᠡᠭᠳᠡᠭᠦᠯᠪᠡ︔ 907.31 ᠲᠣᠨ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠲᠠᠷᠬᠠᠭᠠᠵᠤ᠂

ᠲᠠᠷᠢᠶᠠᠯᠠᠩ᠂ ᠤᠢ ᠰᠢᠭᠤᠶ ᠶᠢᠨ ᠨᠥᠬᠦᠪᠥᠷᠢ ᠳᠤ 2053 ᠲᠦᠮᠡᠨ ᠲᠥᠭᠦᠷᠢᠭ ᠲᠠᠷᠬᠠᠭᠠᠪᠠ᠃

    ᠬᠥᠲᠥᠯᠥᠭᠴᠢ᠄ 2024 ᠣᠨ ᠤ ᠠᠵᠢᠯ ᠤᠨ ᠲᠤᠬᠠᠶ ᠲᠠᠨ ᠤ ᠨᠠᠷᠢᠨ ᠲᠠᠨᠢᠯᠴᠠᠭᠤᠯᠭ᠎ᠠ ᠳᠤ ᠮᠠᠰᠢ ᠲᠠᠯᠠᠷᠬᠠᠵᠤ

ᠪᠠᠶᠢᠨ᠎ᠠ᠃ ᠲᠡᠷᠡ 2025 ᠣᠨ ᠳᠤ ᠴᠤᠤᠶᠠᠩ ᠪᠠᠯᠭᠠᠰᠤᠨ ᠳᠤ ᠶᠠᠮᠠᠷ ᠶᠠᠮᠠᠷ ᠠᠵᠢᠯ ᠤᠨ ᠲᠥᠯᠥᠪᠯᠡᠭᠡ ᠪᠠᠶᠢᠬᠤ ᠪᠤᠢ

    ᠶᠠᠩ ᠪᠠᠯᠭᠠᠰᠤᠨ ᠳᠠᠷᠤᠭ᠎ᠠ᠄ 2025 ᠣᠨ ᠳᠤ᠂ ᠮᠠᠨ ᠤ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ

ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠠ

ᠰᠢᠶᠠᠨ ᠤ ᠠᠯᠢ ᠣᠯᠠᠨ ᠪᠢᠴᠢᠭ ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ

ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠣᠰᠣᠭᠠᠷ᠂ ᠰᠢᠶᠠᠨ ᠤ

ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠨᠠᠮ ᠤᠨ

ᠪᠠᠶᠢᠭᠤᠯᠤᠯᠲᠠ ᠪᠠᠷ ᠬᠥᠲᠥᠯᠦᠨ ᠳᠠᠭᠠᠭᠤᠯᠵᠤ ᠠᠵᠢᠯ ᠢᠶᠠᠨ ᠥᠷᠨᠢᠭᠦᠯᠦᠨ᠎ᠡ᠃

    ᠡᠩ ᠲᠡᠷᠢᠭᠦᠨ ᠳᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂

ᠪᠦᠬᠦ ᠪᠠᠯᠭᠠᠰᠤᠨ ᠤ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ

    ᠳᠠᠷᠠᠭᠠᠯᠠᠪᠠᠯ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ

ᠰᠠᠶᠢᠲᠤᠷ ᠬᠢᠨ᠎ᠠ᠃ ︽ᠳᠥᠷᠪᠡ ᠶᠢ ᠰᠠᠯᠭᠠᠬᠤ ᠥᠬᠡᠶ︾ ︽ᠭᠤᠷᠪᠠ ᠶᠢ ᠨᠠᠶᠢᠳᠠᠪᠤᠷᠢᠵᠢᠭᠤᠯᠬᠤ︾

ᠱᠠᠭᠠᠷᠳᠠᠯᠭ᠎ᠠ ᠶᠢᠨ ᠲᠣᠭᠤᠷᠢᠨ ᠳᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢ ᠰᠠᠶᠢᠲᠤᠷ ᠬᠢᠵᠦ᠂

ᠣᠷᠣᠯᠭ᠎ᠠ ᠪᠠᠭᠠᠲᠠᠶ ᠬᠥᠮᠦᠰ ᠲᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃

    ᠳᠠᠬᠢᠪᠠᠯ᠂ ︽ᠭᠤᠷᠪᠠᠨ ᠶᠡᠭᠡ ᠰᠠᠭᠤᠷᠢᠨ ᠭᠠᠵᠠᠷ︾ ᠢ ᠦᠷᠭᠦᠯᠵᠢᠯᠡᠨ ᠪᠠᠶᠢᠭᠤᠯᠵᠤ᠂ ᠠᠵᠤ ᠦᠢᠯᠡᠰ ᠤᠨ

ᠪᠦᠲᠦᠴᠡ ᠶᠢ ᠰᠢᠯᠢᠳᠡᠭᠵᠢᠭᠦᠯᠦᠨ᠎ᠡ᠃ ︽ᠵᠡᠭᠦᠨᠰᠢ ᠳᠠᠷᠢᠵᠤ ᠪᠠᠷᠠᠭᠤᠨᠰᠢ ᠲᠡᠵᠢᠭᠡᠬᠦ︾ ᠪᠠᠶᠢᠷᠢᠰᠢᠭᠤᠯᠤᠯᠲᠠ ᠶᠢᠨ

ᠲᠣᠭᠤᠷᠢᠨ ᠳᠤ᠂ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ ᠪᠠᠭᠠᠰᠬᠠᠨ᠂ ᠲᠥᠮᠥᠰᠥ ᠳᠠᠷᠢᠬᠤ ᠲᠠᠯᠠᠪᠠᠶ ᠶᠢ

ᠥᠷᠭᠡᠳᠬᠡᠨ᠎ᠡ᠃ ᠮᠢᠨ ᠯᠧ ᠲᠣᠰᠬᠤᠨ ᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠢ ᠪᠠᠶᠢᠭᠤᠯᠵᠤ᠂ ︽ᠴᠡᠪᠡᠷ

ᠨᠣᠭᠤᠭ᠎ᠠ︾ ᠶᠢᠨ ᠲᠥᠯᠥᠪᠯᠡᠭᠡ ᠶᠢ ᠬᠡᠷᠡᠭᠵᠢᠭᠦᠯᠦᠨ᠎ᠡ︔ ᠣᠯᠠᠨ ᠲᠣᠰᠬᠤᠨ ᠳᠤ ᠠᠯᠠᠰᠢᠨ ᠬᠤᠨᠢ ᠪᠣᠷᠳᠣᠵᠤ

ᠲᠠᠷᠭᠤᠯᠠᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ︽ᠰᠢᠨ᠎ᠡ ᠮᠢᠬ᠎ᠠ︾ ᠶᠢᠨ ᠲᠥᠯᠥᠪᠯᠡᠭᠡ ᠶᠢ

ᠬᠡᠷᠡᠭᠵᠢᠭᠦᠯᠦᠨ᠎ᠡ︔ ᠬᠡᠰᠡᠭ ᠲᠣᠰᠬᠤᠨ ᠳᠤ ᠦᠷ᠎ᠡ ᠶᠢᠨ ᠡᠷᠳᠡᠨᠢ ᠰᠢᠰᠢ ᠪᠠᠷ ᠭᠤᠣᠯ ᠪᠣᠯᠭᠠᠭᠰᠠᠨ ᠲᠡᠵᠢᠭᠡᠯ ᠡᠪᠡᠰᠦ

ᠪᠣᠷᠳᠤᠭ᠎ᠠ ᠲᠠᠷᠢᠬᠤ ᠰᠠᠭᠤᠷᠢᠨ ᠭᠠᠵᠠᠷ ᠢ ᠬᠥᠲᠥᠯᠥᠨ ᠪᠠᠶᠢᠭᠤᠯᠵᠤ᠂ ︽ᠡᠯᠪᠡᠭ ᠡᠪᠡᠰᠦ ᠪᠣᠷᠳᠤᠭ᠎ᠠ︾ ᠶᠢᠨ

ᠲᠥᠯᠥᠪᠯᠡᠭᠡ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃

ᠡᠭᠦᠨ ᠤ ᠬᠠᠮᠲᠤ᠂ ᠦᠢᠯᠡᠳᠬᠦᠨ ᠤ ᠨᠡᠮᠡᠯᠲᠡ ᠦᠷᠳᠡᠭ ᠤᠨ ︽ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ︾

 ᠶᠢ ᠨᠡᠮᠡᠭᠳᠡᠭᠦᠯᠦᠨ᠎ᠡ᠃ ᠡᠳ᠋ᠰᠢᠭᠦᠯᠬᠦ ᠲᠠᠯ᠎ᠠ ᠪᠠᠷ ᠪᠠᠯᠭᠠᠰᠤᠨ ᠳᠤ ᠰᠠᠭᠤᠭ᠎ᠠ ᠬᠥᠲᠥᠴᠢ ᠠᠵᠤ ᠠᠬᠤᠶᠢᠯᠠᠯ ᠳᠤ

ᠲᠦᠰᠢᠭᠯᠡᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬᠢᠶᠠᠯᠠᠭ᠎ᠠ ᠶᠢᠨ ᠡᠵᠡᠩᠨᠡᠯᠲᠡ ᠶᠢ

ᠪᠡᠶᠡᠯᠡᠭᠦᠯᠪᠡ︔ ᠪᠣᠷᠣᠯᠠᠭᠤᠯᠬᠤ ᠲᠠᠯ᠎ᠠ ᠪᠠᠷ ᠲᠠᠷᠢᠶᠠᠯᠠᠩ ᠤᠨ ᠪᠦᠲᠦᠭᠡᠭᠳᠡᠬᠦᠨ ᠤ ᠲᠣᠭᠠᠴᠢᠯᠠᠭᠰᠠᠨ ᠲᠠᠪᠴᠠᠩ ᠳᠤ

ᠲᠦᠰᠢᠭᠯᠡᠨ᠂ ᠬᠠᠮᠢᠶ᠎ᠠ ᠪᠦᠬᠦᠢ ᠲᠠᠪᠴᠠᠩ ᠪᠠ ᠵᠠᠬ᠎ᠠ ᠳᠡᠯᠭᠡᠭᠦᠷ ᠢ ᠲᠡᠭᠦᠯᠳᠡᠷᠵᠢᠭᠦᠯᠵᠦ᠂ ᠵᠠᠬᠢᠶᠠᠯᠠᠭ᠎ᠠ ᠶᠢᠨ

ᠪᠣᠷᠣᠯᠠᠭᠤᠯᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃

    ᠪᠠᠰᠠ ᠬᠠᠮᠲᠤ ᠶᠢᠨ ᠠᠵᠤ ᠠᠬᠤᠶ ᠶᠢ ᠴᠢᠷᠮᠠᠶᠢᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ

ᠤᠷᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠪᠠᠯᠭᠠᠰᠤᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂

ᠲᠣᠰᠬᠤᠨ ᠢ ᠬᠦᠴᠦᠷᠬᠡᠭᠵᠢᠭᠦᠯᠦᠨ ᠪᠠᠭᠤᠷᠠᠶ ᠲᠣᠰᠬᠤᠨ ᠢ ᠳᠠᠭᠠᠭᠤᠯᠬᠤ ᠶᠢ ᠪᠡᠶᠡᠯᠡᠭᠦᠯᠵᠦ᠂ ᠬᠡᠰᠡᠭ ᠲᠣᠰᠬᠤᠨ ᠤ

ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠪᠠᠭᠤᠷᠠᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃

    ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠯ᠎ᠠ ᠪᠠᠷ᠂ ᠵᠠᠰᠠᠯᠲᠠ ᠶᠢᠨ

ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠬᠠᠮᠢᠶ᠎ᠠ ᠪᠦᠬᠦᠢ ᠬᠠᠮᠢᠶᠠᠷᠤᠯᠲᠠ᠂ ᠰᠢᠯᠭᠠᠨ ᠬᠢᠨᠠᠬᠤ᠂

ᠠᠳᠠᠯᠢᠳᠬᠠᠨ ᠰᠢᠯᠭᠠᠷᠠᠭᠤᠯᠬᠤ ᠠᠷᠭ᠎ᠠ ᠶᠢ ᠲᠡᠭᠦᠯᠳᠡᠷᠵᠢᠭᠦᠯᠵᠦ᠂ ︽ᠪᠠᠯᠭᠠᠰᠤ᠂ ᠲᠣᠰᠬᠤᠨ᠂ ᠬᠡᠰᠡᠭ︾ ᠭᠤᠷᠪᠠᠨ

ᠱᠠᠲᠤᠨ ᠤ ᠲᠣᠣᠷᠵᠢᠭᠤᠯᠤᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠬᠡᠷᠡᠭᠵᠢᠭᠦᠯᠵᠦ᠂

ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ ᠵᠠᠰᠠᠯᠲᠠ ᠶᠢᠨ ᠰᠢᠨ᠎ᠡ ᠵᠠᠭᠪᠤᠷ ᠢ ᠰᠦᠪᠡᠭᠴᠢᠯᠡᠵᠦ᠂

ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠰᠦᠯᠢᠶᠣᠣ ᠪᠦᠷᠬᠦᠪᠴᠢ ᠶᠢ ᠬᠤᠷᠢᠶᠠᠨ

ᠠᠪᠴᠤ ᠢᠯᠭᠠᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃

    ᠡᠯ᠎ᠡ ᠲᠥᠷᠥᠯ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠠᠷᠭ᠎ᠠ ᠪᠣᠳᠣᠯᠭ᠎ᠠ ᠶᠢ ᠬᠡᠷᠡᠭᠴᠡᠭᠡ ᠠᠴᠠ

ᠠᠰᠠᠭᠤᠬᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠪᠠᠷ ᠳᠠᠮᠵᠢᠭᠤᠯᠤᠨ᠂ ︽ᠳᠥᠷᠪᠡ ᠶᠢ ᠵᠥᠪᠯᠡᠵᠦ

ᠬᠤᠶᠠᠷ ᠢ ᠢᠯᠡ ᠪᠣᠯᠭᠠᠬᠤ︾ ᠠᠯᠬᠤᠮ ᠳᠠᠷᠠᠭᠠᠯᠠᠯ ᠶᠣᠰᠣᠭᠠᠷ᠂ 15 ᠲᠥᠷᠥᠯ ᠵᠦᠢᠯ ᠢ ᠬᠡᠷᠡᠭᠵᠢᠭᠦᠯᠵᠦ᠂ 7144

ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ

ᠦᠢᠯᠡᠰ ᠡᠷᠬᠢᠯᠡᠬᠦ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ

ᠪᠠᠶᠢᠭᠤᠯᠤᠯᠲᠠ ᠶᠢᠨ ᠲᠥᠷᠥᠯ ᠵᠦᠢᠯ ᠪᠠ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢᠨ ᠲᠥᠷᠥᠯ

ᠵᠦᠢᠯ ᠢ ᠪᠠᠭᠲᠠᠭᠠᠨ᠎ᠠ᠃

    ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠷᠠᠳ ᠲᠤ ᠠᠰᠢᠭ ᠬᠦᠷᠲᠡᠭᠡᠬᠦ ᠡᠯ᠎ᠡ

ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃

    ᠬᠠᠮᠤᠭ ᠰᠡᠭᠦᠯ ᠳᠤ᠂ ᠠᠮᠤᠷ ᠠᠮᠤᠭᠤᠯᠠᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ

ᠭᠦᠨᠵᠡᠭᠡᠶᠢᠷᠡᠭᠦᠯᠵᠦ᠂ ᠰᠦᠯᠵᠢᠶᠡᠨ ᠤ ᠠᠵᠢᠯᠲᠠᠨ ᠤ ᠦᠢᠯᠡᠳᠦᠯ ᠢ ᠪᠠᠳᠠᠷᠠᠭᠤᠯᠵᠤ᠂ ︽ᠹᠧᠩ ᠴᠢᠶᠣᠤ ᠶᠢᠨ

ᠲᠤᠷᠰᠢᠯᠭ᠎ᠠ︾ ᠪᠠᠷ ᠲᠣᠯᠢ ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠨ᠎ᠡ ᠵᠠᠭᠪᠤᠷ ᠢ ᠬᠠᠶᠢᠨ

ᠰᠦᠪᠡᠭᠴᠢᠯᠡᠵᠦ᠂ ᠵᠥᠷᠢᠴᠡᠯ ᠢ ᠵᠢᠭᠰᠠᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ᠂ ᠠᠷᠢᠯᠭᠠᠬᠤ ᠰᠢᠰᠲ᠋ᠧᠮ ᠢ

ᠲᠡᠭᠦᠯᠳᠡᠷᠵᠢᠭᠦᠯᠵᠦ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠪᠠ᠃

 

ᠢᠷᠡᠯᠲᠡ᠄ ᠬᠤᠸᠠᠳᠧ ᠰᠢᠶᠠᠨ ᠤ ᠴᠤᠤᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

ᠵᠣᠬᠢᠶᠠᠭᠴᠢ᠄ ᠬᠤᠸᠠᠳᠧ ᠰᠢᠶᠠᠨ ᠤ ᠴᠤᠤᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2