ᠬᠥᠷ ᠬᠥᠭᠵᠢᠶᠡᠨ ᠲᠠᠢ ᠴᠠᠭᠠᠨ ᠰᠠᠷ᠎ᠠ ᠪᠠᠨ ᠥᠩᠭᠡᠷᠡᠭᠦᠯᠦᠶ᠎ᠡ︕ ᠬᠤᠸᠠᠳᠧ ᠰᠢᠶᠠᠨ ᠤ 2025 ᠣᠨ ᠤ ᠴᠠᠭᠠᠨ ᠰᠠᠷ᠎ᠠ ᠶᠢᠨ ᠣᠯᠠᠨ ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠡᠬᠢᠯᠡᠪᠡ
ᠨᠡᠶᠢᠲᠡᠯᠡᠭᠰᠡᠨ ᠴᠠᠭ᠄
2025/3/6

    ᠵᠠᠶᠠᠭᠠᠲᠤ ᠯᠤ᠋ ᠵᠢᠯ ᠦᠩᠭᠡᠷᠡᠵᠤ᠂  ᠪᠡᠯᠭᠡᠲᠤ

ᠮᠣᠭᠠᠢ ᠵᠢᠯ ᠰᠠᠭᠠᠲᠠᠯ᠎ᠠ ᠃ 2 ᠰᠠᠷ᠎ᠠ ᠶᠢᠨ 9 ᠤ ᠡᠳᠦᠷ᠂ ︽ 

ᠬᠠᠪᠦᠷ ᠤᠨᠤᠷᠢᠨ ᠳᠤᠯᠠᠭᠠᠨ  ᠢᠶᠠᠷ  ᠴᠠᠭᠠᠨ

ᠰᠠᠷ᠎ᠠ ᠶᠢᠨ ᠠᠷᠪᠠᠨ ᠲᠠᠪᠤᠨ ᠢᠶᠠᠨ

ᠬᠠᠯᠠᠭᠤᠨ ᠢᠶᠠᠷ ᠦᠩᠭᠡᠷᠡᠶ᠎ᠡ ︾  ᠭᠡᠬᠦ ᠭᠤᠣᠯ ᠰᠡᠳᠦᠪ

ᠪᠣᠯᠭᠠᠭᠰᠠᠨ ᠬᠤᠸᠠᠳᠧ ᠰᠢᠶᠠᠨ ᠤ 2025 ᠣᠨ ᠤ ᠴᠠᠭᠠᠨ ᠰᠠᠷ᠎ᠠ ᠶᠢᠨ ᠣᠯᠠᠨ ᠲᠦᠮᠡᠨ ᠤ ᠤᠷᠠᠨ ᠰᠠᠶᠢᠬᠠᠨ ᠤ

ᠲᠣᠭᠯᠠᠯᠲᠠ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠤᠶᠠᠳᠤᠭᠠᠷ ᠳᠠᠪᠬᠤᠷ ᠲᠤ ᠡᠬᠢᠯᠡᠪᠡ᠃ ᠪᠦᠬᠦ ᠰᠢᠶᠠᠨ ᠤ

ᠠᠷᠠᠳ ᠲᠦᠮᠡᠨ ᠳᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠳᠡᠪᠰᠢᠭᠦᠯᠵᠦ᠂ ᠬᠤᠸᠠᠳᠧ ᠶᠢᠨ ᠠᠷᠠᠳ

ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠰᠠᠶᠢᠨ ᠰᠠᠶᠢᠬᠠᠨ ᠬᠠᠭᠤᠳᠠᠰᠤ ᠶᠢ ᠬᠠᠮᠲᠤᠪᠠᠷ ᠵᠢᠷᠤᠭᠯᠠᠪᠠ᠃

1739176323945001114.jpg

    ᠲᠣᠭᠯᠠᠯᠲᠠ ᠨᠢ ᠭᠤᠶᠢᠳᠠ ᠰᠠᠶᠢᠬᠠᠨ ᠪᠥᠵᠢᠭ ᠤᠨ ᠲᠣᠭᠯᠠᠯᠲᠠ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ

ᠬᠥᠮᠦᠰ︾ ᠤᠨ ᠳᠤᠮᠳᠠ ᠬᠥᠰᠢᠭᠡ ᠪᠠᠨ ᠰᠡᠬᠦᠵᠦ᠂ ᠲᠤᠬᠠᠢ ᠶᠢᠨ ᠲᠠᠯᠠᠪᠠᠢ ᠶᠢᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢ

ᠬᠥᠭᠵᠢᠭᠡᠪᠡ᠃ ᠳᠠᠷᠠᠭ᠎ᠠ ᠨᠢ᠂ ᠪᠦᠬᠦ ᠰᠢᠶᠠᠨ ᠤ ᠡᠯ᠎ᠡ ᠨᠡᠶᠢᠭᠡᠮ ᠲᠣᠭᠤᠷᠢᠭ ᠪᠣᠯᠤᠨ ᠡᠯ᠎ᠡ ᠠᠵᠢᠯ ᠲᠦᠷᠦᠯ ᠠᠴᠠ ᠢᠷᠡᠭᠰᠡᠨ

ᠤᠯᠠᠨ ᠲᠦᠮᠡᠨ ᠤ ᠤᠷᠠᠨ ᠰᠠᠶᠢᠬᠠᠨ ᠤ ᠳᠤᠷᠠᠲᠠᠢ ᠬᠥᠮᠦᠰ ᠡᠭᠡᠯᠵᠢᠯᠡᠨ ᠲᠠᠯᠠᠪᠠᠢ ᠳᠤ ᠭᠠᠷᠴᠤ᠂ ᠳᠠᠭᠤᠤ ᠪᠥᠵᠢᠭ᠂

ᠤᠯᠠᠮᠵᠢᠯᠠᠯᠲᠤ ᠣᠷᠣᠨ ᠨᠤᠲᠤᠭ ᠤᠨ ᠵᠢᠵᠢᠭ ᠵᠦᠴᠦᠭᠡ᠂ ᠭᠤᠴᠣᠯᠠᠯ ᠳᠠᠭᠤᠤ᠂ ᠨᠠᠶᠢᠷᠠᠯ ᠳᠠᠭᠤᠤ ᠵᠡᠷᠭᠡ 15 ᠲᠣᠭᠯᠠᠯᠲᠠ

ᠭᠠᠷᠭᠠᠵᠤ᠂ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ᠃ ᠲᠣᠭᠯᠠᠭᠴᠢᠳ ᠣᠷᠭᠢᠯᠤᠮ᠎ᠠ ᠬᠠᠯᠠᠭᠤᠨ

ᠰᠡᠳᠬᠢᠯᠭᠡ᠂ ᠭᠤᠶᠢᠳᠠ ᠰᠠᠶᠢᠬᠠᠨ ᠲᠣᠭᠯᠠᠯᠲᠠ ᠪᠠᠷ ᠢᠶᠠᠨ ᠬᠤᠸᠠᠳᠧ ᠰᠢᠶᠠᠨ ᠤ ᠤᠯᠠᠨ ᠲᠦᠮᠡᠨ ᠤ ᠰᠣᠶᠣᠯ ᠤᠨ ᠥᠷᠨᠢᠩᠭᠦᠢ

ᠬᠥᠭᠵᠢᠯᠲᠡ ᠪᠣᠯᠤᠨ ᠢᠳᠡᠪᠬᠢᠲᠡᠢ ᠪᠠᠷ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ

ᠢᠷᠡᠭᠡᠳᠦᠢ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠷᠡᠭᠦᠯᠵᠦ᠂ ᠪᠦᠬᠦ ᠰᠢᠶᠠᠨ ᠤ ᠦᠨᠳᠦᠰᠦᠲᠡᠨ ᠨᠦᠭᠦᠳ ᠤᠨ

ᠤᠯᠠᠨ ᠲᠦᠮᠡᠨ ᠤ ᠬᠠᠭᠤᠴᠢᠨ ᠢᠶᠠᠨ ᠦᠳᠡᠵᠦ ᠰᠢᠨ᠎ᠡ ᠶᠢ ᠤᠭᠲᠤᠬᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ

ᠡᠳ᠋ᠯᠡᠬᠦ ᠪᠠᠶᠠᠷ ᠪᠠᠭ᠋ᠠᠳᠤᠯᠲᠤ ᠰᠡᠳᠬᠢᠯᠭᠡ ᠪᠣᠯᠤᠨ ᠰᠢᠨ᠎ᠡ ᠵᠢᠯ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠬᠤ ᠪᠠᠨ

ᠢᠯᠡᠳᠬᠡᠪᠡ᠃

    ᠣᠯᠠᠨ ᠲᠦᠮᠡᠨ ᠤ ᠨᠠᠶᠢᠷᠠᠭᠤᠯᠤᠯ᠂ ᠣᠯᠠᠨ ᠲᠦᠮᠡᠨ ᠤ ᠲᠣᠭᠯᠠᠯᠲᠠ᠂ ᠣᠯᠠᠨ ᠲᠦᠮᠡᠨ ᠤ ᠪᠠᠶᠠᠰᠤᠯ ᠪᠣᠯ ᠲᠣᠰ

ᠤᠳᠠᠭᠠᠨ ᠤ ᠣᠯᠠᠨ ᠲᠦᠮᠡᠨ ᠤ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ ᠪᠣᠯᠤᠨ᠎ᠠ᠃ ᠪᠦᠬᠦ ᠲᠠᠯᠠᠪᠤᠷ ᠤᠨ

ᠬᠠᠮᠲᠤᠷᠠᠭᠰᠠᠨ ᠲᠣᠭᠯᠠᠯᠲᠠ ᠶᠢᠨ ᠬᠡᠯᠪᠡᠷᠢ ᠨᠢ ᠤᠯᠠᠨ ᠶᠠᠩᠵᠤ ᠶᠢᠨ᠂ ᠠᠭᠤᠯᠭ᠎ᠠ ᠨᠢ ᠴᠤᠭ ᠪᠠᠳᠠᠷᠠᠩᠭᠤᠢ ᠪᠠᠷ ᠪᠢᠯᠬᠠᠵᠤ᠂

ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠦᠵᠡᠭᠴᠢᠳ ᠪᠠᠶᠠᠷ ᠬᠦᠷ ᠢᠶᠠᠷ ᠪᠢᠯᠬᠠᠵᠤ᠂

ᠴᠠᠭᠠᠨ ᠰᠠᠷ᠎ᠠ ᠶᠢᠨ ᠦᠨᠦᠷ ᠠᠮᠲᠠ ᠶᠢ ᠣᠶᠢᠯᠠᠭᠠᠵᠤ᠂ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ ᠰᠢᠨ᠎ᠡ

ᠬᠠᠪᠤᠷ ᠤᠨ ᠰᠥᠨᠢ ᠶᠢ ᠬᠠᠮᠲᠤᠪᠠᠷ ᠥᠩᠭᠡᠷᠡᠭᠦᠯᠵᠡᠢ᠃

    ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠶᠢ ᠳᠤᠮᠳᠠᠳᠤ ᠤᠯᠤᠰ ᠤᠨ ᠡᠪ ᠬᠠᠮᠲᠤ

ᠨᠠᠮ ᠤᠨ ᠬᠤᠸᠠᠳᠧ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ᠂ ᠬᠤᠸᠠᠳᠧ ᠰᠢᠶᠠᠨ ᠤ ᠰᠣᠶᠣᠯ ᠪᠠ ᠵᠢᠭᠤᠯᠴᠢᠯᠠᠯ ᠤᠨ

ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ᠂ ᠬᠤᠸᠠᠳᠧ ᠰᠢᠶᠠᠨ ᠤ

ᠰᠣᠶᠣᠯ ᠤᠨ ᠣᠷᠳᠣᠨ᠂ ᠬᠤᠸᠠᠳᠧ ᠰᠢᠶᠠᠨ ᠤ ᠤᠯᠠᠭᠠᠨᠮᠥ᠋ᠴᠢᠷ ᠬᠠᠮᠲᠤ ᠪᠠᠷ ᠳᠠᠭᠠᠭᠠᠴᠢᠯᠠᠨ ᠡᠷᠭᠢᠯᠡᠪᠡ᠃ ᠲᠣᠭᠯᠠᠯᠲᠠ ᠨᠢ

2 ᠰᠠᠷ᠎ᠠ ᠶᠢᠨ 9 ᠤ ᠡᠳᠦᠷ ᠠᠴᠠ ᠡᠬᠢᠯᠡᠨ 2 ᠰᠠᠷ᠎ᠠ ᠶᠢᠨ 11 ᠤ ᠡᠳᠦᠷ ᠪᠣᠯᠲᠠᠯ᠎ᠠ ᠦᠷᠭᠦᠯᠵᠢᠯᠡᠵᠦ᠂ ᠭᠤᠷᠪᠠᠨ ᠡᠳᠦᠷ

ᠳᠠᠷᠠᠭᠠᠯᠠᠨ ᠣᠯᠠᠨ ᠲᠦᠮᠡᠨ ᠤ ᠤᠷᠠᠨ ᠰᠠᠶᠢᠬᠠᠨ ᠤ ᠲᠣᠭᠯᠠᠯᠲᠠ ᠪᠠᠷ ᠳᠠᠮᠵᠢᠭᠤᠯᠤᠨ᠂ ᠬᠤᠸᠠᠳᠧ ᠶᠢᠨ ᠥᠷᠭᠡᠨ ᠣᠯᠠᠨ

ᠠᠷᠠᠳ ᠲᠦᠮᠡᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠰᠣᠶᠣᠯ ᠢᠶᠠᠷ

ᠠᠷᠠᠳ ᠲᠤ ᠠᠰᠢᠭ ᠬᠦᠷᠲᠡᠭᠡᠬᠦ᠂ ᠰᠣᠶᠣᠯ ᠢᠶᠠᠷ ᠠᠷᠠᠳ ᠢ ᠪᠠᠶᠠᠰᠬᠠᠬᠤ᠂ ᠰᠣᠶᠣᠯ ᠢᠶᠠᠷ ᠠᠷᠠᠳ ᠢ ᠬᠥᠮᠦᠵᠢᠭᠦᠯᠬᠦ ᠰᠢᠨ᠎ᠡ

ᠬᠠᠭᠤᠳᠠᠰᠤ ᠶᠢ ᠴᠢᠪᠬᠠᠳᠠᠵᠤ᠂ ᠠᠯᠢ ᠣᠯᠠᠨ ᠠᠭᠤᠯᠭ᠎ᠠ ᠲᠠᠢ᠂ ᠠᠭᠤᠯᠤᠭᠳᠠᠬᠤᠨ ᠲᠠᠢ᠂ ᠣᠯᠠᠨ ᠲᠦᠮᠡᠨ ᠲᠠᠢ

ᠣᠶᠢᠷᠠᠲᠤᠭᠰᠠᠨ᠂ ᠰᠣᠨᠢᠷᠬᠠᠯᠲᠠᠢ ᠣᠶᠤᠨ ᠰᠠᠨᠠᠭᠠᠨ ᠤ ᠠᠮᠤ ᠪᠤᠳᠠᠭ᠎ᠠ ᠶᠢ ᠠᠷᠠᠳ ᠣᠯᠠᠨ ᠤ ᠰᠡᠳᠬᠢᠯ ᠳᠤ ᠬᠠᠳᠠᠩᠰᠢᠭᠤᠯᠵᠤ

᠂ ᠪᠠᠶᠠᠷ ᠪᠠᠭ᠋ᠠᠳᠤᠯ ᠲᠠᠢ ᠡᠶ᠎ᠡ ᠨᠠᠶᠢᠷᠠᠮᠳᠠᠭᠤ᠂ ᠪᠠᠶᠠᠷ ᠪᠠᠶᠠᠰᠬᠤᠯᠠᠩ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ

ᠴᠢᠷᠮᠠᠶᠢᠨ ᠪᠣᠶ ᠪᠣᠯᠭᠠᠨ᠎ᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ     

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2