ᠳ᠋ᠢᠶᠣᠤ ᠴᠦᠨ ᠬᠠᠢ ᠪᠦᠯᠬᠦᠮ ᠳᠠᠭᠠᠭᠤᠯᠤᠨ ᠬᠥᠬᠡᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/6

   2 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂

ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠤᠤ ᠴᠦᠨ ᠬᠠᠶ ᠪᠦᠯᠬᠦᠮ ᠳᠠᠭᠠᠭᠤᠯᠤᠨ ᠥᠪᠥᠷ ᠮᠣᠩᠭᠤᠯ ᠤᠨ

ᠡᠨᠧᠷᠭᠢ ᠶᠢᠨ ᠪᠦᠯᠦᠭᠯᠡᠯ᠂ ᠳ᠋ᠠ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠥᠪᠥᠷ

ᠮᠣᠩᠭᠤᠯ ᠤᠨ ᠶᠦᠨ ᠳ᠋ᠡ ᠡᠨᠧᠷᠭᠢ ᠶᠢᠨ ᠬᠢᠵᠠᠭᠠᠷᠲᠤ ᠺᠣᠮᠫᠠᠨᠢ᠂ ᠲᠠᠩ ᠱᠠᠨ ᠲᠠᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠲᠥᠷᠥᠯ ᠵᠦᠢᠯ ᠤᠨ

ᠵᠥᠪᠳᠡᠯᠴᠡᠬᠡᠷ ᠤᠨ ᠬᠤᠷᠠᠯ ᠬᠢᠪᠠ᠃

    ᠶᠠᠷᠢᠯᠴᠠᠬᠤ ᠬᠤᠷᠠᠯ ᠳᠡᠭᠡᠷ᠎ᠡ ᠣᠶᠢᠯᠠᠭᠠᠭᠰᠠᠨ ᠢᠶᠠᠷ᠂ ᠡᠲᠡᠭᠡᠷ ᠠᠵᠤ ᠠᠬᠤᠶᠢᠯᠠᠯ ᠤᠳ ᠬᠤᠸᠠᠳᠧ ᠰᠢᠶᠠᠨ ᠤ 50

ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ᠂ ᠬᠤᠸᠠᠳᠧ ᠰᠢᠶᠠᠨ ᠤ ᠡᠯᠡᠰᠦ ᠶᠢ

ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠬᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠤᠨ

ᠬᠤᠸᠠᠳᠧ ᠰᠢᠶᠠᠨ ᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠬᠤᠸᠠᠳᠧ ᠰᠢᠶᠠᠨ ᠤ ᠴᠠᠬᠢᠯᠭᠠᠨ ᠲᠣᠤᠷ ᠤᠨ

ᠬᠠᠵᠠᠭᠤ ᠶᠢᠨ ᠡᠨᠧᠷᠭᠢ ᠬᠠᠳᠠᠭᠠᠯᠠᠬᠤ ᠲᠤᠰᠠᠭᠠᠷ ᠵᠢᠱᠢᠶ᠎ᠡ ᠦᠵᠡᠭᠦᠯᠬᠦ ᠲᠥᠷᠥᠯ ᠵᠦᠢᠯ᠂ ᠲᠠᠩ ᠱᠠᠨ ᠲᠠᠢ ᠰᠢᠨ᠎ᠡ

ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠸᠠᠳᠧ ᠰᠢᠶᠠᠨ ᠤ ᠬᠡᠷᠡᠯ ᠤᠨ ᠢᠯᠴᠢ

ᠬᠢᠭᠡᠳ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠤᠭᠴᠠᠵᠢᠭᠤᠯᠬᠤ ᠲᠥᠷᠥᠯ ᠵᠦᠢᠯ ᠢ ᠲᠣᠰ ᠲᠣᠰ

ᠪᠡᠯᠡᠳᠬᠡᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠳᠡᠭᠡᠷᠡᠬᠢ ᠲᠥᠷᠥᠯ ᠵᠦᠢᠯ ᠨᠢ

ᠴᠥᠮ 2025 ᠣᠨ ᠤ ᠬᠤᠶᠠᠳᠤᠭᠠᠷ ᠤᠯᠠᠷᠢᠯ ᠠᠴᠠ ᠡᠬᠢᠯᠡᠨ ᠪᠠᠷᠢᠯᠭ᠎ᠠ ᠪᠠᠷᠢᠬᠤ ᠪᠠᠷ ᠲᠥᠯᠥᠪᠯᠡᠵᠦ᠂ ᠵᠢᠱᠢᠯᠲᠡ ᠪᠠᠷ

ᠵᠢᠯ ᠤᠨ ᠡᠴᠦᠰ ᠲᠤ ᠰᠦᠯᠵᠢᠶᠡᠨ ᠳᠤ ᠨᠡᠶᠢᠯᠡᠭᠦᠯᠬᠦ ᠪᠣᠯᠤᠨ᠎ᠠ᠃

    ᠳ᠋ᠢᠶᠣᠤ ᠴᠦᠨ ᠬᠠᠢ᠂ ᠬᠤᠸᠠᠳᠧ ᠰᠢᠶᠠᠨ ᠤ ᠡᠯᠪᠡᠭ ᠪᠠᠶᠠᠯᠢᠭ ᠰᠠᠯᠬᠢ᠂ ᠭᠡᠷᠡᠯ ᠤᠨ ᠡᠬᠢ ᠪᠠᠶᠠᠯᠢᠭ ᠢ ᠰᠠᠶᠢᠲᠤᠷ

ᠠᠰᠢᠭᠯᠠᠵᠤ᠂ ᠤᠯᠤᠰ ᠤᠨ ᠡᠨᠧᠷᠭᠢ ᠶᠢᠨ ᠰᠠᠭᠤᠷᠢᠨ ᠢ ᠪᠦᠳᠦᠭᠡᠨ ᠪᠠᠶᠢᠭᠤᠯᠬᠤ ᠶᠢ ᠠᠬᠢᠭᠤᠯᠵᠤ᠂ ᠪᠦᠬᠦ ᠤᠯᠤᠰ ᠤᠨ

ᠡᠨᠧᠷᠭᠢ ᠶᠢᠨ ᠠᠮᠤᠷ ᠲᠦᠪᠰᠢᠨ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠬᠤᠸᠠᠳᠧ ᠰᠢᠶᠠᠨ ᠤ ᠲᠤᠯᠭᠠᠭᠤᠷᠢ ᠠᠵᠤ

ᠦᠢᠯᠡᠰ ᠲᠤ ᠰᠢᠯᠢᠳᠡᠭ ᠰᠠᠶᠢᠨ ᠨᠡᠭᠦᠷᠡᠰᠦᠲᠥ᠋ᠷᠥᠭᠴᠢ ᠪᠠᠭ᠎ᠠ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠵᠦ

ᠢᠯᠡᠳᠬᠡᠪᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠬᠡᠷᠡᠭᠴᠡᠭᠡ ᠶᠢᠨ

ᠲᠣᠭᠤᠷᠢᠨ ᠳᠤ᠂ ᠭᠠᠵᠠᠷ ᠰᠢᠷᠣᠢ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ

ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠲᠦᠭᠵᠢᠷᠡᠯ ᠤᠨ ᠠᠰᠠᠭᠤᠳᠠᠯ ᠢ

ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠨ ᠠᠬᠢᠭᠤᠯᠬᠤ ᠶᠢ ᠠᠬᠢᠭᠤᠯᠵᠤ

᠂ ᠡᠷᠲᠡ ᠠᠵᠢᠯ ᠡᠬᠢᠯᠡᠭᠦᠯᠬᠦ᠂ ᠡᠷᠲᠡ ᠠᠵᠢᠯ ᠳᠠᠭᠤᠰᠬᠠᠬᠤ᠂ ᠡᠷᠲᠡ ᠦᠢᠯᠡᠳᠪᠦᠷᠢᠯᠡᠯ ᠳᠤ ᠣᠷᠣᠭᠤᠯᠬᠤ ᠶᠢ ᠪᠠᠲᠤᠯᠠᠵᠤ᠂

ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ

ᠬᠡᠷᠡᠭᠲᠡᠢ ᠭᠡᠵᠦ ᠵᠢᠭᠠᠵᠤ ᠭᠠᠷᠭᠠᠪᠠ᠃

    ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ

ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠭᠤᠣᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2