2 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠤᠯᠠᠭᠠᠨᠴᠠᠪ | ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠳᠤ ᠣᠷᠣᠯᠴᠠᠭᠰᠠᠨ ᠬᠤᠸᠠᠳᠧ ᠰᠢᠶᠠᠨ ᠤ ᠪᠤᠰᠤᠳ ᠲᠥᠯᠥᠭᠡᠯᠡᠭᠴᠢᠳ ᠤᠨ ᠪᠦᠯᠬᠦᠮ ᠤᠨ ᠪᠦᠷᠢᠯᠳᠦᠬᠦᠨ ᠲᠠᠢ | ᠬᠠᠮᠲᠤ ᠪᠠᠷ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ᠂ ᠲᠥᠯᠥᠪᠯᠡᠭᠡ᠂ ᠲᠥᠰᠦᠪ ᠤᠨ | ᠮᠡᠳᠡᠭᠦᠯᠦᠯᠲᠡ ᠪᠠ 2025 ᠣᠨ ᠤ ᠲᠥᠯᠥᠪᠯᠡᠭᠡ᠂ ᠲᠥᠰᠦᠪ ᠤᠨ ᠲᠥᠰᠦᠯ ᠢ ᠬᠢᠨᠠᠨ ᠵᠥᠪᠯᠡᠵᠦ᠂ ᠬᠠᠮᠲᠤ ᠪᠠᠷ ᠰᠡᠳᠬᠢᠵᠤ | ᠂ ᠬᠥᠭᠵᠢᠯᠲᠡ ᠶᠢ ᠬᠠᠮᠲᠤ ᠪᠠᠷ ᠶᠠᠷᠢᠯᠴᠠᠪᠠ᠃ | ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠬᠤᠸᠠᠳᠧ | ᠰᠢᠶᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ | ᠰᠢᠤᠸᠠᠢ ᠹᠧᠩ ᠴᠢᠩ ᠶᠠᠷᠢᠯᠴᠠᠬᠤ ᠳᠠᠭᠠᠨ᠂ ᠴᠢ ᠹᠸᠢ ᠶᠦᠨ ᠬᠤᠲᠠ ᠶᠢᠨ ᠳᠠᠷᠤᠭ᠎ᠠ ᠶᠢᠨ ᠬᠢᠭᠰᠡᠨ ᠠᠵᠢᠯ ᠤᠨ | ᠢᠯᠡᠳᠬᠡᠯ ᠨᠢ ᠬᠥᠮᠦᠰ ᠢ ᠪᠠᠶᠠᠷᠯᠠᠭᠤᠯᠵᠤ᠂ ᠠᠵᠢᠯ ᠤᠨ ᠲᠣᠬᠢᠷᠠᠭᠤᠯᠤᠯᠲᠠ ᠶᠢ ᠲᠥᠪ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠵᠤ᠂ ᠬᠥᠭᠵᠢᠯᠲᠡ ᠶᠢᠨ ᠠᠷᠭ᠎ᠠ ᠵᠠᠮ ᠪᠠ | ᠬᠠᠷᠠᠯᠲᠠ ᠲᠣᠳᠣᠷᠬᠠᠶ ᠪᠠᠶᠢᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠴᠢᠭᠯᠡᠯ ᠢ ᠲᠣᠳᠣᠷᠬᠠᠶ ᠵᠢᠭᠠᠵᠤ ᠥᠭᠴᠡᠶ᠃ | ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠤ ᠬᠤᠸᠠᠳᠧ ᠰᠢᠶᠠᠨ ᠤ ᠲᠥᠯᠥᠭᠡᠯᠡᠭᠴᠢᠳ ᠤᠨ ᠪᠦᠯᠬᠦᠮ | ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠦᠨᠡᠨᠬᠦ ᠠᠳᠬᠤᠨ | ᠪᠣᠳᠠᠲᠠᠢ ᠠᠵᠢᠯᠯᠠᠬᠤ ᠪᠣᠯᠤᠨ᠎ᠠ᠃ ᠨᠢᠭᠡ ᠳᠤ ᠣᠨᠴᠠᠯᠢᠭᠲᠤ ᠠᠵᠤ ᠦᠢᠯᠡᠰ ᠢ ᠰᠠᠶᠢᠲᠤᠷ ᠠᠳᠬᠤᠨ ᠬᠥᠭᠵᠢᠯᠲᠡ ᠶᠢ | ᠠᠬᠢᠭᠤᠯᠤᠨ᠎ᠠ᠃ ᠨᠣᠬᠠᠶ ᠶᠢᠨ ᠬᠤᠰᠢᠭᠤ᠂ ᠠᠮᠤ ᠪᠤᠳᠠᠭ᠎ᠠ᠂ ᠠᠯᠠᠰᠢᠨ ᠬᠤᠨᠢ ᠵᠡᠷᠭᠡ ᠴᠢᠨᠠᠷ ᠰᠠᠶᠢᠲᠠᠶ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠣᠷᠣᠨ ᠵᠠᠶ ᠶᠢ ᠪᠥᠬᠦ ᠬᠦᠴᠦᠨ ᠢᠶᠠᠷ ᠢᠶᠠᠨ ᠠᠭᠤᠳᠠᠯᠵᠤ᠂ | ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ︽ᠳᠠᠷᠢᠬᠤ ᠨᠢ ᠰᠠᠶᠢᠨ︾᠂ ︽ᠲᠡᠵᠢᠭᠡᠯ ᠨᠢ ᠰᠠᠶᠢᠬᠠᠨ | ︾ ᠪᠠᠶᠢᠬᠤ︾ ᠶᠢ ︽ᠬᠤᠳᠠᠯᠳᠤᠭᠰᠠᠨ ᠨᠢ ᠰᠠᠶᠢᠨ︾ ︽ᠦᠷᠭᠦᠯᠵᠢᠯᠡᠬᠦ᠋ᠢᠴᠡ︾ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ | ᠃ ᠪᠣᠬᠢᠷᠲᠤᠯ ᠦᠭᠡᠶ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠥᠭᠵᠢᠯᠲᠡ ᠪᠣᠯᠤᠨ ᠰᠢᠨ᠎ᠡ ᠡᠨᠧᠷᠭᠢ ᠶᠢᠨ | ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠢᠯ ᠤᠨ ᠡᠴᠦᠰ ᠲᠤ ᠲᠡᠮᠦᠷ ᠤᠨ | ᠬᠠᠶᠢᠯᠤᠰᠢ ᠶᠢᠨ ᠦᠢᠯᠡᠳᠪᠦᠷᠢᠯᠡᠬᠦ ᠴᠢᠳᠠᠪᠤᠷᠢ ᠶᠢ 260 ᠲᠦᠮᠡᠨ ᠲᠣᠨ ᠳᠤ ᠬᠦᠷᠦᠭᠦᠯᠵᠦ᠂ 2027 ᠣᠨ ᠳᠤ 400 | ᠲᠦᠮᠡᠨ ᠲᠣᠨ ᠳᠤ ᠬᠦᠷᠦᠭᠦᠯᠵᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 300 ᠲᠦᠮᠡᠨ | ᠺᠢᠯᠣᠸᠠᠲ ᠬᠦᠷᠦᠭᠦᠯᠵᠦ᠂ ᠢᠷᠡᠬᠦ ᠵᠢᠯ ᠳᠤ 400 ᠲᠦᠮᠡᠨ ᠺᠢᠯᠣᠸᠠᠲ ᠳᠠᠪᠠᠭ᠋ᠤ ᠪᠠᠷ ᠴᠢᠷᠮᠠᠶᠢᠨ᠎ᠠ᠃ ᠬᠤᠶᠠᠷ ᠲᠤ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠰᠠᠭᠤᠷᠢ ᠶᠢ ᠴᠢᠩᠭᠠᠳᠬᠠᠨ᠎ᠠ᠃ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳᠰᠢᠭᠦᠯᠬᠦ | ᠬᠦᠷᠢᠶᠡᠯᠡᠩ ᠲᠣᠭᠤᠷᠢᠭ᠂ ᠬᠤᠪᠴᠠᠰᠤ ᠬᠤᠨᠠᠷ ᠤᠨ ᠬᠦᠷᠢᠶᠡᠯᠡᠩ ᠲᠣᠭᠤᠷᠢᠭ ᠪᠣᠯᠤᠨ ᠲᠢᠶᠠᠨ ᠴᠧᠩ ᠪᠠᠷᠠᠭ᠎ᠠ ᠶᠢᠨ | ᠭᠦᠢᠯᠭᠡᠭᠡᠨ ᠤ ᠬᠦᠷᠢᠶᠡᠯᠡᠩ ᠲᠣᠭᠤᠷᠢᠭ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠶ᠃ ᠨᠡᠭᠡᠭᠡᠨ ᠬᠥᠭᠵᠢᠭᠦᠯᠬᠦ ᠣᠷᠣᠨ ᠤ | ᠰᠤᠯᠠ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠢ ᠦᠷᠭᠦᠯᠵᠢᠯᠡᠨ ᠠᠬᠢᠭᠤᠯᠵᠤ᠂ ︽ᠬᠠᠳᠠᠭᠠᠯᠠᠭᠳᠠᠴᠠ︾ ᠶᠢ ︽ᠨᠡᠮᠡᠭᠳᠡᠯ︾ | ᠪᠣᠯᠭᠠᠨ ᠬᠤᠪᠢᠷᠠᠭᠤᠯᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠴᠣᠩᠬᠤᠪᠴᠢ ᠶᠢᠨ ᠬᠤᠭᠤᠴᠠᠭ᠎ᠠ ᠶᠢ ᠠᠳᠬᠤᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ᠂ ᠬᠥᠲᠥᠯᠥᠨ | ᠳᠠᠭᠠᠭᠤᠯᠬᠤ ᠴᠢᠨᠠᠷᠲᠠᠶ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠢ ᠰᠦᠪᠡᠭᠴᠢᠯᠡᠨ᠎ᠡ᠃ | ᠭᠤᠷᠪᠠ ᠳᠤ ᠠᠷᠠᠳ ᠤᠨ ᠦᠨᠳᠦᠰᠦᠨ ᠠᠮᠢᠳᠤᠷᠠᠯ ᠢ ᠰᠠᠶᠢᠲᠤᠷ ᠠᠳᠬᠤᠪᠠ᠃ ᠰᠠᠭᠤᠷᠢ ᠰᠤᠷᠭᠠᠨ ᠬᠥᠮᠦᠵᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠠᠵᠢᠯᠯᠠᠭ᠎ᠠ ᠪᠠ ᠬᠤᠲᠠ ᠶᠢ ᠰᠢᠨᠡᠳᠬᠡᠬᠦ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠪᠠ ᠨᠢᠭᠲᠠᠷᠠᠭᠰᠠᠨ ᠬᠡᠯᠪᠡᠷᠢ ᠶᠢᠨ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠰᠢᠶᠠᠨ ᠤ | ᠬᠡᠪᠴᠢᠶᠡᠨ ᠤ ᠡᠮᠴᠢᠯᠡᠭᠡᠨ ᠤ ᠦᠶ᠋ᠯᠡᠴᠢᠯᠡᠭᠡᠨ ᠤ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ᠂ ᠬᠤᠳᠠ ᠬᠥᠳᠡᠭᠡ ᠶᠢᠨ ᠦᠨᠳᠦᠰᠦᠨ ᠱᠠᠳᠤ ᠪᠣᠯᠤᠨ | ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠨᠡᠩ ᠤᠯᠠᠨ ᠠᠵᠢᠯ ᠤᠨ ᠪᠠᠶᠢᠷᠢ ᠶᠢ ᠴᠢᠷᠮᠠᠶᠢᠨ ᠡᠭᠦᠳᠬᠦ ᠬᠡᠷᠡᠭᠲᠡᠢ᠃ ᠲᠦᠷᠪᠡ ᠳᠤ᠂ ᠠᠶᠤᠯ | ᠲᠦᠭᠰᠢᠭᠦᠷᠢ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠢ᠃ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠣᠭᠲᠠᠷᠭᠤᠶ ᠳᠠᠬᠢ ᠤᠰᠤ᠂ ᠭᠠᠵᠠᠷ ᠳᠡᠭᠡᠷᠡᠬᠢ | ᠤᠰᠤ᠂ ᠭᠠᠵᠠᠷ ᠳᠣᠤᠷᠠᠬᠢ ᠤᠰᠤ᠂ ᠬᠤᠲᠠ ᠶᠢᠨ ᠳᠤᠮᠳᠠᠬᠢ ᠤᠰᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠰᠢᠭᠯᠠᠵᠤ᠂ | ᠤᠰᠤ ᠠᠷᠪᠢᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ︽ᠮᠢᠩᠭᠠᠨ ᠲᠦᠮᠡᠨ ᠢᠨᠵᠧᠨᠧᠷᠢᠩ︾ | ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ | ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | | |