2024 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠪᠦᠬᠦ | ᠰᠢᠶᠠᠨ ᠢᠶᠠᠷ ᠢᠶᠠᠨ ᠰᠢᠶᠠᠨ ᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠪᠣᠯᠤᠨ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠵᠢᠯᠣᠭᠤᠳᠣᠯᠭ᠎ᠠ ᠳᠣᠣᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ | ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ | ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠱᠠᠭᠠᠷᠳᠠᠯᠭ᠎ᠠ ᠶᠢ ᠲᠤᠭᠤᠰᠢᠯᠠᠭᠤᠯᠵᠤ᠂ ᠮᠠᠨ ᠤ ᠰᠢᠶᠠᠨ ᠤ ᠠᠵᠤ | ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠤ ᠳᠤᠮᠳᠠ ᠤᠷᠤᠭᠰᠢᠯᠠᠭᠰᠠᠨ᠂ ᠶᠠᠰᠤ | ᠴᠢᠨᠠᠷ ᠦᠷ᠎ᠡ ᠠᠰᠢᠭ ᠢᠶᠠᠷ ᠰᠠᠶᠢᠨ ᠪᠠᠶᠢᠳᠠᠯ ᠢᠯᠡᠷᠡᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ | ᠲᠤᠭ᠎ᠠ ᠶᠢᠨ ᠨᠡᠮᠡᠭᠳᠡᠯ ᠤᠨ ᠬᠤᠷᠳᠤᠴᠠ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠪᠠ᠃ | ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 68.5 ᠳ᠋ᠦᠩᠰᠢᠭᠤᠷ | ᠲᠥᠭᠦᠷᠢᠭ ᠲᠤ ᠬᠦᠷᠴᠦ᠂ 5.6% ᠪᠠᠷ ᠨᠡᠮᠡᠭᠳᠡᠨ᠂ ᠪᠥᠬᠦ ᠬᠤᠲᠠ ᠶᠢᠨ ᠳᠥᠷᠪᠡᠳᠦᠭᠡᠷ ᠲᠤ ᠣᠷᠣᠪᠠ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 16% ᠨᠡᠮᠡᠭᠳᠡᠵᠦ᠂ ᠪᠥᠬᠦ | ᠬᠤᠲᠠ ᠶᠢᠨ ᠭᠤᠷᠪᠠᠳᠤᠭᠠᠷ ᠲᠤ ᠣᠷᠣᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠥᠬᠦ ᠲᠤᠭ᠎ᠠ 10.66 ᠳ᠋ᠦᠩᠰᠢᠭᠤᠷ ᠲᠥᠭᠦᠷᠢᠭ ᠲᠤ ᠬᠦᠷᠴᠦ᠂ 3.3% ᠪᠠᠷ ᠨᠡᠮᠡᠭᠳᠡᠨ᠂ ᠪᠥᠬᠦ ᠬᠤᠲᠠ ᠶᠢᠨ | ᠵᠢᠷᠭᠤᠳᠤᠭᠠᠷ ᠲᠤ ᠣᠷᠣᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 4.67 ᠳ᠋ᠦᠩᠰᠢᠭᠤᠷ | ᠲᠥᠭᠦᠷᠢᠭ ᠲᠤ ᠬᠦᠷᠴᠦ᠂ 128.6% ᠪᠠᠷ ᠨᠡᠮᠡᠭᠳᠡᠵᠦ᠂ ᠪᠥᠬᠦ ᠬᠤᠲᠠ ᠶᠢᠨ ᠨᠢᠭᠡᠳᠦᠭᠡᠷ ᠲᠤ ᠣᠷᠣᠪᠠ︔ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 41270 | ᠲᠥᠭᠦᠷᠢᠭ ᠲᠤ ᠬᠦᠷᠴᠦ᠂ 6.9% ᠪᠠᠷ ᠨᠡᠮᠡᠭᠳᠡᠨ᠂ ᠪᠥᠬᠦ ᠬᠤᠲᠠ ᠶᠢᠨ ᠵᠢᠷᠭᠤᠳᠤᠭᠠᠷ ᠲᠤ ᠣᠷᠣᠪᠠ︔ ᠬᠥᠳᠡᠭᠡ | ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 16058 | ᠲᠥᠭᠦᠷᠢᠭ ᠲᠤ ᠬᠦᠷᠴᠦ᠂ 6.7% ᠪᠠᠷ ᠨᠡᠮᠡᠭᠳᠡᠨ᠂ ᠪᠥᠬᠦ ᠬᠤᠲᠠ ᠶᠢᠨ ᠳᠥᠷᠪᠡᠳᠦᠭᠡᠷ ᠲᠤ ᠣᠷᠣᠪᠠ᠃ ᠡᠯ᠎ᠡ | ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠦᠷᠭᠦᠯᠵᠢᠯᠡᠨ ᠰᠠᠶᠢᠵᠢᠷᠠᠵᠤ᠂ ᠪᠦᠬᠦ ᠰᠢᠶᠠᠨ ᠤ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠶᠢ ᠪᠠᠲᠤᠳᠬᠠᠪᠠ᠃ | ︵ᠨᠢᠭᠡ︶ ᠲᠥᠰᠥᠯ ᠤᠨ ᠪᠦᠲᠦᠭᠡᠨ ᠪᠠᠶᠢᠭᠤᠯᠤᠯᠲᠠ ᠮᠡᠳᠡᠭᠳᠡᠮ᠎ᠡ ᠠᠮᠵᠢᠯᠲᠠᠤᠯᠪᠠ ᠃ | ᠪᠦᠬᠦ ᠰᠢᠶᠠᠨ ᠢᠶᠠᠷ ᠢᠶᠠᠨ ᠴᠢᠬᠤᠯᠠ ᠶᠡᠭᠡ ᠲᠥᠷᠥᠯ ᠵᠦᠢᠯ 12 ︵ᠡᠭᠦᠨ ᠳᠤ 7 ᠶᠢ ᠰᠢᠨ᠎ᠡ ᠪᠠᠷ ᠪᠠᠶᠢᠭᠤᠯᠵᠤ᠂ | 5 ᠶᠢ ᠦᠷᠭᠦᠯᠵᠢᠯᠡᠨ ᠪᠠᠶᠢᠭᠤᠯᠤᠨ᠎ᠠ︶ ᠶᠢᠨ ᠶᠡᠷᠦᠩᠬᠡᠶ ᠪᠡᠯᠡ ᠣᠷᠣᠭᠤᠯᠤᠯᠲᠠ 105.4 ᠳ᠋ᠦᠩᠰᠢᠭᠤᠷ | ᠲᠥᠭᠦᠷᠢᠭ ᠲᠤ ᠬᠦᠷᠴᠦ᠂ 23.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ | ᠲᠥᠯᠥᠪᠯᠡᠵᠦ᠂ ᠪᠦᠬᠦ ᠵᠢᠯ ᠳᠤ ᠨᠢᠭᠡᠨᠲᠡ 24.16 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 103% ᠳᠤ ᠬᠦᠷᠪᠡ᠃ ᠳᠡᠭᠡᠳᠦ ᠱᠠᠲᠤᠨ ᠤ ᠪᠠᠯᠠ | ᠣᠷᠣᠭᠤᠯᠤᠯᠲᠠ ︵ᠵᠢᠭᠡᠯᠡᠯᠭᠡ ᠶᠢᠨ ᠲᠡᠮᠳᠡᠭᠲᠦ ᠶᠢ ᠪᠠᠭᠲᠠᠭᠠᠨ᠎ᠠ︶ ᠶᠢᠨ ᠲᠥᠷᠥᠯ ᠵᠦᠶ᠋ᠯ ᠢ ᠨᠡᠶᠢᠲᠡ 71.52 | ᠳ᠋ᠦᠩᠰᠢᠭᠤᠷ ᠲᠥᠭᠦᠷᠢᠭ ᠣᠯᠵᠤ᠂ ᠬᠤᠭᠤᠯᠠᠶ ᠶᠢᠨ ᠲᠣᠤᠷ ᠢ ᠥᠭᠡᠷᠡᠴᠢᠯᠡᠬᠦ᠂ ᠰᠠᠭᠤᠷᠢ ᠪᠡᠯᠡᠳᠬᠡᠮᠵᠢ᠂ ᠠᠵᠢᠯ | ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠣᠨᠳᠣᠤ ᠭᠠᠵᠠᠷ ᠲᠤ ᠨᠡᠭᠦᠯᠭᠡᠬᠦ ᠵᠡᠷᠭᠡ ᠲᠥᠷᠥᠯ ᠵᠦᠶ᠋ᠯ ᠤᠨ | ᠪᠥᠲᠥᠭᠡᠨ ᠪᠠᠶᠢᠭᠤᠯᠤᠯᠲᠠ ᠳᠤ ᠨᠢᠭᠡᠳᠦᠯᠲᠡᠶ ᠲᠥᠯᠥᠪᠯᠡᠨ ᠬᠡᠷᠡᠭᠯᠡᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠰᠢᠨ᠎ᠡ ᠭᠡᠷ᠎ᠡ ᠲᠣᠭᠲᠠᠭᠰᠠᠨ ᠲᠥᠷᠥᠯ ᠵᠦᠢᠯ 55 ᠪᠠᠶᠢᠵᠤ᠂ ᠣᠷᠣᠨ ᠤ ᠭᠠᠳᠠᠨ᠎ᠠ 19.98 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠣᠷᠣᠭᠤᠯᠵᠤ᠂ ᠪᠡᠶᠡᠯᠡᠭᠦᠯᠦᠭᠰᠡᠨ ᠨᠤᠷᠮ᠎ᠠ 71.36% ᠳᠤ ᠬᠦᠷᠴᠡᠢ᠃ | ︵ᠬᠤᠶᠠᠷ︶ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠠᠪᠳᠠᠭᠤᠨ ᠢᠶᠠᠷ ᠠᠬᠢᠪᠠ᠃ | ᠲᠠᠷᠢᠶᠠᠯᠠᠩ ᠤᠨ ᠦᠢᠯᠡᠳᠪᠦᠷᠢᠯᠡᠯ ᠲᠣᠭᠲᠠᠭᠤᠨ ᠤ ᠳᠤᠮᠳᠠ ᠰᠠᠶᠢᠵᠢᠷᠠᠪᠠ᠃ ᠲᠠᠷᠢᠶᠠᠨ ᠭᠠᠵᠠᠷ ᠢ ᠬᠠᠮᠠᠭᠠᠯᠠᠬᠤ | ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠠᠮᠤ | ᠪᠤᠳᠠᠭ᠎ᠠ ᠳᠠᠷᠢᠬᠤ ᠲᠠᠯᠠᠪᠠᠶ 64.27 ᠲᠦᠮᠡᠨ ᠮᠥ ᠪᠠᠶᠢᠵᠤ᠂ ᠠᠮᠤ ᠪᠤᠳᠠᠭᠠᠨ ᠤ ᠤᠨᠠᠯᠲᠠ 1.28 ᠳ᠋ᠦᠩᠰᠢᠭᠤᠷ | ᠵᠢᠩ ᠪᠣᠯᠪᠠ᠃ ᠪᠦᠬᠦ ᠰᠢᠶᠠᠨ ᠤ ᠲᠷᠠᠺᠲ᠋ᠣᠷ ᠤᠨ ᠶᠡᠷᠦᠩᠬᠡᠶ ᠬᠥᠳᠡᠯᠭᠡᠬᠦ ᠬᠦᠴᠦᠨ 17.83 ᠲᠦᠮᠡᠨ ᠺᠢᠯᠣᠸᠠᠲ ᠲᠤ | ᠬᠦᠷᠴᠦ᠂ ᠳᠡᠭᠡᠷ᠎ᠡ ᠵᠢᠯ ᠤᠨ ᠬᠢ ᠠᠴᠠ 3.6% ᠪᠠᠷ ᠨᠡᠮᠡᠭᠳᠡᠪᠡ᠃ ᠤᠯᠤᠰ ᠤᠨ ᠨᠥᠬᠦᠪᠥᠷᠢ ᠶᠢᠨ ᠪᠡᠯᠡ ᠮᠥᠩᠭᠦ ᠶᠢ | 360 ᠲᠦᠮᠡᠨ ᠲᠥᠭᠦᠷᠢᠭ ᠬᠡᠷᠡᠭᠯᠡᠵᠦ᠂ ᠨᠥᠬᠦᠪᠥᠷᠢ ᠥᠭᠬᠦ ᠮᠠᠰᠢᠨ ᠪᠠᠭᠠᠵᠢ 445 ᠬᠤᠳᠠᠯᠳᠤᠨ ᠠᠪᠴᠤ᠂ 350 | ᠲᠠᠷᠢᠶᠠᠴᠢᠨ ᠡᠷᠦᠬᠡ ᠠᠰᠢᠭ ᠬᠦᠷᠲᠡᠪᠡ᠃ ᠪᠦᠬᠦ ᠰᠢᠶᠠᠨ ᠢᠶᠠᠷ ᠢᠶᠠᠨ ᠲᠥᠮᠥᠰᠥ ᠶᠢᠨ ᠦᠷ᠎ᠡ ᠪᠤᠶᠢᠵᠢᠭᠤᠯᠬᠤ | ᠬᠦᠯᠡᠮᠵᠢ ᠶᠢ 300 ᠮᠦ ᠠᠴᠠ ᠳᠡᠭᠡᠭᠰᠢ ᠪᠠᠶᠢᠭᠤᠯᠵᠤ᠂ ᠳᠣᠯᠣᠳᠤᠭᠠᠷ ᠪᠠᠯᠭᠠᠰᠤᠨ ᠤ ᠠᠮᠤ ᠪᠤᠳᠠᠭ᠎ᠠ ᠨᠥᠭᠡᠴᠡᠯᠡᠬᠦ | ᠦᠢᠯᠡᠳᠪᠦᠷᠢ ᠠᠰᠢᠭᠯᠠᠯᠲᠠ ᠳᠤ ᠣᠷᠣᠪᠠ᠃ ᠮᠠᠯ ᠠᠵᠤ ᠠᠬᠤᠢ ᠶᠢᠨ ᠦᠢᠯᠡᠳᠪᠦᠷᠢᠯᠡᠯ ᠲᠣᠭᠲᠠᠭᠤᠨ ᠪᠠᠶᠢᠬᠤ ᠶᠢᠨ | ᠵᠡᠷᠭᠡ ᠳᠤ ᠠᠬᠢᠯᠲᠠ ᠲᠠᠢ ᠪᠣᠯᠪᠠ᠃ ᠪᠦᠬᠦ ᠰᠢᠶᠠᠨ ᠤ ᠲᠡᠵᠢᠭᠡᠨ ᠦᠷᠡᠵᠢᠭᠦᠯᠬᠦ ᠡᠷᠦᠬᠡ 8936 ᠡᠷᠦᠬᠡ ᠳᠤ | ᠬᠦᠷᠴᠦ᠂ ᠮᠠᠯ ᠤᠨ ᠲᠤᠭ᠎ᠠ 63.96 ᠲᠦᠮᠡ ᠪᠠᠶᠢᠵᠤ᠂ ᠡᠭᠦᠨ ᠳᠤ ᠦᠬᠡᠷ ᠬᠤᠨᠢᠨ ᠤ ᠲᠤᠭ᠎ᠠ 60.51 ᠲᠦᠮᠡ | ᠪᠠᠶᠢᠵᠤ᠂ ᠪᠤᠰᠤᠳ ᠮᠠᠯ ᠤᠨ ᠲᠤᠭ᠎ᠠ 3.45 ᠲᠦᠮᠡ ᠪᠠᠶᠢᠨ᠎ᠠ᠃ ᠪᠦᠬᠦ ᠰᠢᠶᠠᠨ ᠤ ᠮᠢᠬᠠᠨ ᠤ ᠵᠦᠶ᠋ᠯ ᠤᠨ | ᠶᠡᠷᠦᠩᠬᠡᠶ ᠭᠠᠷᠤᠯᠲᠠ 2.12 ᠲᠦᠮᠡᠨ ᠲᠣᠨ᠂ ᠵᠢᠭᠦᠷᠲᠡᠨ ᠤ ᠥᠨᠳᠡᠭᠡ ᠶᠢᠨ ᠭᠠᠷᠤᠯᠲᠠ 951 ᠲᠣᠨ᠂ ᠦᠨᠢᠶᠡᠨ | ᠰᠦ ᠶᠢᠨ ᠭᠠᠷᠤᠯᠲᠠ 1677 ᠲᠣᠨ᠃ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠢᠳᠡᠪᠬᠢᠲᠡᠶ | ᠪᠠᠳᠠᠷᠠᠭᠤᠯᠵᠤ᠂ ᠬᠤᠸᠠ ᠴᠧᠨ ᠲᠥᠮᠥᠰᠥ ᠶᠢᠨ ᠬᠡᠲᠦ ᠪᠢᠴᠢᠯ ᠬᠡᠯᠪᠡᠷᠢ ᠶᠢᠨ ᠲᠥᠮᠥᠰᠥ ᠶᠢᠨ ᠢᠨᠵᠧᠨᠧᠷᠢᠩ ᠢ | ᠨᠠᠶᠢᠳᠠᠪᠤᠷᠢᠵᠢᠭᠤᠯᠤᠨ ᠳᠠᠭᠤᠰᠬᠠᠬᠤ ᠶᠢ ᠠᠬᠢᠭᠤᠯᠵᠤ᠂ ᠬᠤᠩ ᠸᠠᠩ᠂ ᠮᠧᠩ ᠲᠦᠸᠧ ᠸᠠᠩ᠂ ᠶᠢᠨ ᠲᠡᠮᠡᠭᠡᠲᠦ᠂ | ᠮᠧᠩ ᠰᠢᠨ ᠵᠡᠷᠭᠡ 4 ᠠᠵᠤ ᠠᠬᠤᠶᠢᠯᠠᠯ ᠢ ᠲᠠᠨᠢᠯᠴᠠᠭᠤᠯᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠠᠵᠤ ᠦᠶᠢᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠤᠨ ᠬᠢᠨᠠᠨ ᠬᠡᠮᠵᠢᠯᠲᠡ ᠳᠤ | ᠣᠷᠣᠯᠴᠠᠭᠤᠯᠤᠨ᠎ᠠ᠃ ︽ᠤᠤᠯ ᠤᠨ ᠦᠨᠦᠷ ᠠᠮᠲᠠ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠡᠮᠳᠡᠭ ᠢ ᠥᠷᠭᠡᠨ ᠢᠶᠠᠷ ᠤᠬᠠᠭᠤᠯᠵᠤ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠦᠩ ᠡᠯ ᠬᠤᠸᠠᠨ | ᠤᠶᠤᠲᠠᠳ ᠤᠨ ᠭᠠᠳᠠᠭᠠᠳᠤ ᠳᠤ ᠰᠤᠷᠤᠯᠴᠠᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠳᠤ᠂ ᠬᠤᠸᠠᠳᠧ ᠶᠢᠨ | ᠣᠨᠴᠠ ᠭᠠᠷᠤᠯᠲᠠ ᠶᠢᠨ ᠣᠷᠳᠣᠨ ᠢ ᠵᠣᠬᠢᠴᠠᠭᠤᠯᠤᠨ ᠪᠠᠶᠢᠭᠤᠯᠵᠤ᠂ ᠬᠤᠸᠠᠳᠧ ᠶᠢᠨ ᠴᠡᠪᠡᠷ ᠠᠮᠤ ᠪᠤᠳᠠᠭᠠᠨ ᠤ ᠼᠤᠣ | ᠂ ᠮᠤᠨᠢ ᠠᠭᠤᠯᠠ ᠶᠢᠨ ᠰᠢᠯᠢᠳᠡᠭ ᠪᠣᠭᠤᠳᠠᠶ᠂ ᠬᠤᠢ ᠶᠢᠨ ᠶᠤᠸᠠᠨ᠂ ᠬᠠᠨ ᠹᠧᠩ ᠵᠡᠷᠭᠡ ᠣᠨᠴᠠᠯᠢᠭᠲᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠤᠤᠯᠳᠠᠯᠭ᠎ᠠ ᠲᠠᠢ ᠳᠡᠯᠭᠡᠨ ᠦᠵᠡᠭᠦᠯᠵᠦ᠂ ᠪᠣᠬᠢᠷᠲᠤᠯ ᠥᠬᠡᠶ | ᠢᠳᠡᠭᠡᠨ ᠤ ᠦᠨᠡᠮᠯᠡᠯ 2᠂ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠨᠡᠮᠯᠡᠯ 1 ᠶᠢ ᠰᠢᠨ᠎ᠡ ᠪᠠᠷ ᠨᠡᠮᠡᠭᠳᠡᠭᠦᠯᠪᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ︵ᠭᠤᠷᠪᠠ︶ ᠠᠵᠤ ᠦᠢᠯᠡᠳᠪᠦᠷᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠪᠡ᠃ | ᠰᠢᠨ᠎ᠡ ᠡᠨᠧᠷᠭᠢ ᠶᠢᠨ ᠠᠵᠤ ᠦᠢᠯᠡᠰ ᠲᠦᠷᠭᠡᠨ ᠬᠥᠭᠵᠢᠪᠡ᠃ ᠪᠥᠬᠦ ᠰᠢᠶᠠᠨ ᠤ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠬᠡᠪᠴᠢᠶ᠎ᠡ 226. 8 ᠲᠦᠮᠡᠨ ᠺᠢᠯᠣᠸᠠᠲ ᠲᠤ ᠬᠦᠷᠴᠦ᠂ ᠨᠢᠭᠡᠨᠲᠡ ᠪᠠᠶᠢᠭᠤᠯᠤᠭᠰᠠᠨ ᠥᠩᠭᠡ | ᠦᠵᠡᠮᠵᠢ ᠶᠢᠨ ᠲᠥᠷᠥᠯ ᠵᠦᠶ᠋ᠯ 18 ᠪᠣᠯᠵᠣ᠂ ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠴᠠᠩᠱᠦ᠋ᠨ | ᠪᠠᠯᠭᠠᠰᠤᠨ ᠤ 50MW ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠶ᠋ᠯ︔ ᠬᠤᠸᠠᠳᠧ | ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠤᠨ ᠨᠢᠭᠡ | ᠴᠣᠭᠴᠠᠵᠢᠭᠰᠠᠨ ᠲᠥᠷᠥᠯ ᠵᠦᠶ᠋ᠯ ︵ᠨᠢᠭᠡᠳᠦᠭᠡᠷ ᠬᠤᠭᠤᠴᠠᠭ᠎ᠠ︶︔ ᠲᠢᠶᠠᠨ ᠴᠧᠩ 6 ᠰᠠᠶ᠎ᠠ ᠸᠠᠲ ᠤᠨ | ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠶ᠋ᠯ︔ ᠢ ᠯᠢ ᠲᠡᠮᠦᠷᠯᠢᠭ 2 ᠰᠠᠶ᠎ᠠ ᠸᠠᠲ ᠤᠨ | ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠶ᠋ᠯ 4 ᠲᠥᠷᠥᠯ ᠵᠦᠶ᠋ᠯ 2024 ᠣᠨ ᠳᠤ | ᠪᠠᠶᠢᠭᠤᠯᠵᠤ ᠳᠠᠭᠤᠰᠬᠠᠪᠠ᠃ ᠲᠡᠮᠦᠷ ᠤᠨ ᠬᠠᠶᠢᠯᠤᠰᠢ ᠶᠢᠨ ᠠᠵᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠪᠠ᠃ | ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ︽ᠭᠤᠷᠪᠠᠨ ᠨᠢᠭᠡ ᠪᠦᠯᠦᠭ︾ ︽ᠲᠠᠪᠤ ᠶᠢ ᠥᠭᠡᠷᠡᠴᠢᠯᠡᠬᠦ | ︾ ᠶᠢ ᠠᠬᠢᠭᠤᠯᠬᠤ ᠪᠠᠷ ᠳᠠᠮᠵᠢᠭᠤᠯᠤᠨ᠂ ᠰᠢᠨ ᠡᠦ ᠵᠧᠦ ᠵᠡᠷᠭᠡ 5 ᠰᠠᠭᠤᠷᠢ ᠪᠦᠷᠢᠨ ᠪᠢᠲᠡᠭᠦᠮᠵᠢᠯᠡᠭᠰᠡᠨ | ᠠᠭᠤᠷᠬᠠᠶ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ ᠵᠢᠴᠢ ᠦᠯᠡᠳᠡᠪᠦᠷᠢ ᠢᠯᠴᠢ ᠦᠯᠡᠳᠡᠪᠦᠷᠢ | ᠬᠡᠶ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠶ᠋ᠯ ᠢ ᠪᠡᠶᠡᠯᠡᠭᠦᠯᠵᠦ᠂ ᠰᠢᠨ ᠰᠢᠨ ᠽᠧ 2 ᠰᠠᠤᠷᠢ ᠶᠢ ᠪᠦᠷᠢᠨ | ᠨᠢᠭᠲᠠ ᠪᠢᠲᠡᠭᠦᠮᠵᠢᠯᠡᠭᠰᠡᠨ ᠴᠠᠬᠢᠭᠤᠷ ᠮᠠᠩᠭᠠᠨ ᠤ ᠬᠠᠶᠢᠯᠤᠰᠢ ᠶᠢᠨ ᠠᠭᠤᠷᠬᠠᠶ ᠶᠢᠨ ᠢᠯᠴᠢ ᠶᠢᠨ ᠵᠤᠤᠬ᠎ᠠ ᠶᠢᠨ ᠢᠵᠢ | ᠪᠥᠷᠢᠳᠦᠭᠰᠡᠨ ᠨᠡᠭᠦᠷᠡᠰᠦᠨ ᠬᠡᠶ ᠪᠠᠷ ᠴᠠᠬᠢᠯᠭᠠᠨ ᠭᠠᠷᠭᠠᠬᠤ ᠲᠥᠷᠥᠯ ᠵᠦᠶ᠋ᠯ ᠢ ᠪᠡᠶᠡᠯᠡᠭᠦᠯᠵᠦ᠂ ᠪᠥᠬᠦ ᠵᠢᠯ ᠤᠨ | ᠲᠡᠮᠦᠷ ᠤᠨ ᠬᠠᠶᠢᠯᠤᠰᠢ ᠶᠢᠨ ᠭᠠᠷᠤᠯᠲᠠ 189 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 7.5% ᠪᠠᠷ ᠨᠡᠮᠡᠭᠳᠡᠨ᠂ ᠦᠢᠯᠡᠳᠬᠦᠨ ᠤ ᠥᠷᠲᠡᠭ ᠨᠢ 102 ᠳ᠋ᠦᠩᠰᠢᠭᠤᠷ ᠲᠥᠭᠦᠷᠢᠭ ᠲᠤ ᠬᠥᠷᠪᠡ᠃ ᠵᠢᠨᠠᠨ ᠤ | ᠢᠦᠢ ᠰᠢᠶᠣᠣ ᠪᠦᠯᠦᠭᠯᠡᠯ ᠪᠣᠯᠤᠨ ᠮᠧᠩ ᠳ᠋ᠠ ᠲᠢᠲ᠋ᠠᠨ ᠤ ᠦᠢᠯᠡᠰ ᠤᠨ ᠺᠣᠮᠫᠠᠨᠢ ᠶᠢᠨ ᠬᠦᠴᠦᠷᠬᠡᠭ ᠨᠢ | ᠬᠦᠴᠦᠷᠬᠡᠭ ᠲᠠᠢ ᠪᠠᠨ ᠬᠤᠯᠪᠣᠭᠠᠯᠠᠬᠤ ᠶᠢ ᠠᠬᠢᠭᠤᠯᠵᠤ᠂ ᠣᠷᠣᠨ ᠪᠦᠰᠡ ᠶᠢᠨ ᠰᠢᠶᠤᠤ ᠮᠧᠩ ᠳ᠋ᠠ 65 ᠲᠦᠮᠡᠨ | ᠲᠣᠨ ᠸᠠᠨᠠᠳᠢ ᠲᠢᠲ᠋ᠠᠨ ᠤ ᠰᠠᠭᠤᠷᠢ ᠮᠠᠲ᠋ᠧᠷᠢᠶᠠᠯ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠵᠢᠯ ᠳᠤ 2 ᠲᠦᠮᠡᠨ ᠲᠣᠨ ᠲᠢᠲ᠋ᠠᠨ ᠬᠥᠩᠭᠡᠨᠴᠠᠭᠠᠨ ᠤ ᠬᠠᠶᠢᠯᠤᠰᠢ ᠶᠢᠨ ᠪᠡᠯᠡ ᠣᠷᠣᠭᠤᠯᠤᠯᠲᠠ ᠶᠢ ᠥᠪᠡᠰᠦᠪᠡᠨ | ᠭᠠᠷᠭᠠᠬᠤ ᠲᠥᠷᠥᠯ ᠵᠦᠢᠯ ᠢ ᠪᠠᠶᠢᠷᠢᠰᠢᠭᠤᠯᠵᠤ᠂ ᠸᠠᠨᠠᠳᠢ ᠲᠢᠲ᠋ᠠᠨ ᠤ ᠠᠵᠤ ᠦᠢᠯᠡᠰ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠰᠢᠨ᠎ᠡ ᠠᠯᠬᠤᠮ ᠢ ᠠᠯᠬᠤᠪᠠ᠃ ᠬᠤᠪᠴᠠᠰᠤ ᠬᠤᠨᠠᠷ ᠤᠨ ᠠᠵᠤ ᠦᠢᠯᠡᠰ | ᠲᠣᠭᠲᠠᠭᠤᠨ ᠢᠶᠠᠷ ᠬᠥᠭᠵᠢᠪᠡ᠃ ᠤᠯᠠᠭᠠᠨᠴᠠᠪ ᠤᠨ ᠬᠤᠶᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠴᠠᠢ ᠶᠢᠨ | ᠲᠡᠮᠡᠭᠡᠲᠦ ᠶᠢᠨ ᠵᠠᠮ︾ ᠬᠤᠪᠴᠠᠰᠤ ᠬᠤᠨᠠᠷ ᠤᠨ ᠰᠣᠶᠣᠯ ᠤᠨ ᠭᠠᠷᠠᠭ ᠢ ᠡᠷᠭᠢᠯᠡᠵᠦ᠂ ᠪᠥᠬᠦ ᠵᠢᠯ ᠳᠤ ᠬᠤᠪᠴᠠᠰᠤᠨ ᠤ | ᠭᠠᠷᠤᠯᠲᠠ ᠪᠠᠷᠤᠭ 1300 ᠲᠦᠮᠡᠨ ᠬᠤᠪᠢ ᠬᠦᠷᠴᠦ᠂ ᠦᠢᠯᠡᠳᠬᠦᠨ ᠤ ᠥᠷᠲᠡᠭ ᠪᠠᠷᠤᠭ 10.4 ᠳ᠋ᠦᠩᠰᠢᠭᠤᠷ | ᠲᠥᠭᠦᠷᠢᠭ ᠲᠤ ᠬᠥᠷᠪᠡ᠃ | ︵ᠲᠦᠷᠪᠡ︶ ᠦᠢᠯᠡᠴᠢᠯᠡᠭᠡᠨ ᠤ ᠦᠢᠯᠡᠰ ᠥᠷᠨᠢᠨ ᠬᠥᠭᠵᠢᠪᠡ᠃ | ᠡᠳ᠋ ᠪᠠᠷᠠᠭᠠᠨ ᠤ ᠭᠦᠢᠯᠭᠡᠭᠡ ᠲᠦᠷᠭᠡᠨ ᠬᠥᠭᠵᠢᠪᠡ᠃ ᠼᠤᠤ ᠹᠸᠢ ᠳ᠋ᠢᠶᠠᠨ ᠭᠠᠷᠠᠮ ᠤᠨ ᠳᠣᠲᠣᠭᠠᠳᠤ | ᠬᠠᠭᠤᠷᠠᠶ ᠶᠢᠨ ᠭᠠᠷᠠᠮ ᠤᠨ ᠭᠠᠶᠢᠯᠢ ᠪᠠᠲᠤᠯᠠᠬᠤ ᠬᠥᠮᠥᠷᠭᠡ᠂ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠬᠥᠮᠥᠷᠭᠡ | ᠪᠠ ᠬᠤᠭᠤᠴᠠᠭᠠᠲᠤ ᠪᠠᠷᠠᠭ᠎ᠠ ᠲᠤᠰᠢᠶᠠᠬᠤ ᠬᠥᠮᠥᠷᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠦᠬᠦ | ᠵᠢᠯ ᠳᠤ ᠲᠡᠮᠦᠷ ᠵᠠᠮ ᠤᠨ ᠲᠤᠰᠬᠠᠶ ᠱᠤᠭᠤᠮ ᠤᠨ ᠪᠠᠷᠠᠭᠠᠨ ᠤ ᠲᠡᠭᠡᠭᠡᠪᠦᠷᠢ 29.9 ᠲᠦᠮᠡᠨ ᠲᠣᠨ ᠪᠠᠶᠢᠵᠤ᠂ | ᠡᠵᠡᠩᠨᠡᠯᠲᠡ ᠶᠢᠨ ᠣᠷᠣᠯᠭ᠎ᠠ 3873.7 ᠲᠦᠮᠡᠨ ᠲᠥᠭᠦᠷᠢᠭ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠬᠦᠳᠡᠷ ᠵᠢᠴᠢ ᠬᠠᠶᠢᠯᠤᠰᠢ ᠶᠢᠨ ᠦᠢᠯᠡᠳᠬᠦᠨ 15.57 ᠲᠦᠮᠡᠨ ᠲᠣᠨ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ 1.35 ᠳ᠋ᠦᠩᠰᠢᠭᠤᠷ ᠲᠥᠭᠦᠷᠢᠭ ᠲᠤ ᠬᠦᠷᠪᠡ᠃ | ᠵᠢᠭᠤᠯᠴᠢᠯᠠᠯ ᠤᠨ ᠦᠢᠯᠡᠰ ᠠᠭᠠᠵᠢᠮ ᠢᠶᠠᠷ ᠪᠤᠵᠠᠭᠠᠶᠢᠷᠠᠪᠠ᠃ ᠬᠤᠸᠠᠳᠧ ᠰᠢᠶᠠᠨ ᠤ ᠤᠯᠤᠰ ᠢᠶᠠᠨ ᠬᠠᠮᠠᠭᠠᠯᠠᠵᠤ ᠬᠢᠯᠢ | ᠬᠢᠵᠠᠭᠠᠷ ᠢ ᠰᠠᠬᠢᠨ ᠬᠠᠮᠠᠭᠠᠯᠠᠭᠰᠠᠨ ᠳᠤᠷᠠᠰᠬᠠᠯ ᠤᠨ ᠲᠠᠰᠤᠭ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ | ᠬᠦᠷᠢᠶᠡᠯᠡᠩ ᠤᠨ ᠳᠡᠯᠭᠡᠨ ᠦᠵᠡᠭᠦᠯᠬᠦ ᠭᠡᠷ ᠪᠣᠯᠤᠨ ︽ᠨᠢᠭᠡ ᠴᠣᠭᠴᠠᠵᠢᠭᠤᠯᠤᠨ ᠰᠡᠳᠬᠢᠯ ᠨᠢᠭᠡᠳᠴᠦ᠂ ᠡᠷᠡᠮᠡᠬᠡᠶᠢᠯᠡᠨ | ᠤᠷᠤᠭᠰᠢᠯᠠᠬᠤ︾ ᠠᠷᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠦᠵᠡᠭᠦᠯᠦᠯᠭᠡ ᠶᠢᠨ ᠲᠢᠩᠬᠢᠮ ᠢ | ᠪᠠᠶᠢᠭᠤᠯᠤᠨ ᠳᠠᠭᠤᠰᠬᠠᠵᠤ ᠣᠷᠳᠣᠨ ᠨᠡᠭᠡᠭᠡᠵᠤ᠂ ᠪᠤᠯᠠᠭ ᠤᠨ ᠤᠰᠤ ᠴᠢᠨ ᠬᠦᠷᠢᠶᠡᠯᠡᠩ ᠤᠨ ᠠᠮᠢ ᠠᠬᠤᠢ ᠶᠢᠨ | ᠠᠮᠠᠷᠠᠯᠲᠠ ᠶᠢᠨ ᠲᠣᠰᠬᠤᠨ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠠᠩᠬᠠᠳᠤᠭᠠᠷ ᠬᠤᠭᠤᠴᠠᠭᠠᠨ ᠤ ᠢᠦᠢ | ᠮᠢᠨ ᠰᠣᠶᠣᠯ ᠡᠷᠳᠡᠮ ᠰᠢᠨᠵᠢᠯᠡᠭᠡᠨ ᠤ ᠰᠣᠯᠢᠯᠴᠠᠭᠠᠨ ᠤ ᠬᠤᠷᠠᠯ ᠢ ᠡᠷᠬᠢᠯᠡᠵᠦ᠂ ᠢᠦᠢ ᠮᠢᠨ ᠪᠠᠭᠤᠷᠢ ᠶᠢ ᠥᠪᠡᠷᠲᠡᠭᠡᠨ | ᠵᠠᠰᠠᠬᠤ ᠣᠷᠣᠨ ᠤ ᠵᠢᠷᠭᠤᠳᠤᠭᠠᠷ ᠪᠦᠯᠦᠭ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠭᠡᠴᠡ ᠪᠣᠯᠭᠠᠬᠤ ᠪᠠᠷ ᠠᠮᠵᠢᠯᠲᠠ ᠲᠠᠢ ᠮᠡᠳᠡᠭᠦᠯᠵᠦ᠂ ᠪᠦᠬᠦ ᠵᠢᠯ ᠳᠤ ᠲᠦᠮᠡ ᠭᠠᠷᠤᠢ | ᠵᠤᠭᠠᠴᠠᠭᠰᠠᠳ ᠢ ᠬᠦᠯᠢᠶᠡᠨ ᠠᠪᠤᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠠᠪᠤᠳᠠᠯ | ᠲᠦᠷᠭᠡᠨ ᠢᠶᠠᠷ ᠬᠥᠭᠵᠢᠪᠡ᠃ 2024 ᠣᠨ ᠳᠤ ᠰᠢᠨ᠎ᠡ ᠪᠠᠷ ᠭᠤᠶᠤᠴᠢᠯᠠᠨ ᠮᠡᠳᠡᠭᠦᠯᠦᠭᠰᠡᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 1 ᠪᠠᠶᠢᠵᠤ᠂ ᠪᠥᠬᠦ ᠰᠢᠶᠠᠨ ᠳᠤ ᠨᠡᠶᠢᠲᠡ 8 ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠪᠤᠶᠢᠵᠢᠭᠤᠯᠵᠤ᠂ ᠥᠪᠥᠷ ᠮᠣᠩᠭᠤᠯ ᠤᠨ ᠿᠢ ᠱᠧᠩ ᡁᠢ ᠪᠥᠸᠧ ᠳᠤᠤᠷ᠎ᠠ ᠪᠢᠴᠢᠯ | ᠨᠡᠭᠦᠷᠡᠰᠦᠲᠥ᠋ᠷᠥᠭᠴᠢ ᠾᠷᠣᠮ ᠲᠡᠮᠦᠷ ᠤᠨ ᠰᠤᠳᠤᠯᠤᠨ ᠨᠡᠭᠡᠭᠡᠬᠦ ᠲᠥᠪ ᠢ ᠥᠪᠡᠷᠲᠡᠭᠡᠨ ᠵᠠᠰᠠᠬᠤ ᠣᠷᠣᠨ ᠤ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢᠶᠠᠷ ᠮᠠᠭᠠᠳᠯᠠᠨ ᠲᠣᠭᠲᠠᠭᠠᠵᠤ᠂ ᠪᠥᠬᠦ ᠰᠢᠶᠠᠨ ᠤ ᠥᠪᠡᠷᠲᠡᠭᠡᠨ ᠵᠠᠰᠠᠬᠤ | ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠨᠢᠭᠡᠨᠲᠡ 4 ᠪᠣᠯᠪᠠ᠃ ᠤᠯᠠᠭᠠᠨᠴᠠᠪ ᠤᠨ | ᠬᠤᠶᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠴᠠᠢ ᠶᠢᠨ ᠲᠡᠮᠡᠭᠡᠲᠦ ᠶᠢᠨ ᠵᠠᠮ︾ ᠬᠤᠪᠴᠠᠰᠤ ᠬᠤᠨᠠᠷ ᠤᠨ | ᠰᠣᠶᠣᠯ ᠤᠨ ᠭᠠᠷᠠᠭ ᠢ ᠡᠷᠭᠢᠯᠡᠵᠦ᠂ ᠪᠥᠬᠦ ᠵᠢᠯ ᠳᠤ ᠬᠤᠪᠴᠠᠰᠤᠨ ᠤ ᠭᠠᠷᠤᠯᠲᠠ ᠪᠠᠷᠤᠭ 1300 ᠲᠦᠮᠡᠨ ᠬᠤᠪᠢ | ᠬᠦᠷᠴᠦ᠂ ᠦᠢᠯᠡᠳᠬᠦᠨ ᠤ ᠥᠷᠲᠡᠭ ᠪᠠᠷᠤᠭ 10.4 ᠳ᠋ᠦᠩᠰᠢᠭᠤᠷ ᠲᠥᠭᠦᠷᠢᠭ ᠲᠤ ᠬᠥᠷᠪᠡ᠃ | ︵ᠲᠦᠷᠪᠡ︶ ᠦᠢᠯᠡᠴᠢᠯᠡᠭᠡᠨ ᠤ ᠦᠢᠯᠡᠰ ᠥᠷᠨᠢᠨ ᠬᠥᠭᠵᠢᠪᠡ᠃ | ᠡᠳ᠋ ᠪᠠᠷᠠᠭᠠᠨ ᠤ ᠭᠦᠢᠯᠭᠡᠭᠡ ᠲᠦᠷᠭᠡᠨ ᠬᠥᠭᠵᠢᠪᠡ᠃ ᠼᠤᠤ ᠹᠸᠢ ᠳ᠋ᠢᠶᠠᠨ ᠭᠠᠷᠠᠮ ᠤᠨ ᠳᠣᠲᠣᠭᠠᠳᠤ | ᠬᠠᠭᠤᠷᠠᠶ ᠶᠢᠨ ᠭᠠᠷᠠᠮ ᠤᠨ ᠭᠠᠶᠢᠯᠢ ᠪᠠᠲᠤᠯᠠᠬᠤ ᠬᠥᠮᠥᠷᠭᠡ᠂ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠬᠥᠮᠥᠷᠭᠡ | ᠪᠠ ᠬᠤᠭᠤᠴᠠᠭᠠᠲᠤ ᠪᠠᠷᠠᠭ᠎ᠠ ᠲᠤᠰᠢᠶᠠᠬᠤ ᠬᠥᠮᠥᠷᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠦᠬᠦ | ᠵᠢᠯ ᠳᠤ ᠲᠡᠮᠦᠷ ᠵᠠᠮ ᠤᠨ ᠲᠤᠰᠬᠠᠶ ᠱᠤᠭᠤᠮ ᠤᠨ ᠪᠠᠷᠠᠭᠠᠨ ᠤ ᠲᠡᠭᠡᠭᠡᠪᠦᠷᠢ 29.9 ᠲᠦᠮᠡᠨ ᠲᠣᠨ ᠪᠠᠶᠢᠵᠤ᠂ | ᠡᠵᠡᠩᠨᠡᠯᠲᠡ ᠶᠢᠨ ᠣᠷᠣᠯᠭ᠎ᠠ 3873.7 ᠲᠦᠮᠡᠨ ᠲᠥᠭᠦᠷᠢᠭ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠬᠦᠳᠡᠷ ᠵᠢᠴᠢ ᠬᠠᠶᠢᠯᠤᠰᠢ ᠶᠢᠨ ᠦᠢᠯᠡᠳᠬᠦᠨ 15.57 ᠲᠦᠮᠡᠨ ᠲᠣᠨ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ 1.35 ᠳ᠋ᠦᠩᠰᠢᠭᠤᠷ ᠲᠥᠭᠦᠷᠢᠭ ᠲᠤ ᠬᠦᠷᠪᠡ᠃ | ᠵᠢᠭᠤᠯᠴᠢᠯᠠᠯ ᠤᠨ ᠦᠢᠯᠡᠰ ᠠᠭᠠᠵᠢᠮ ᠢᠶᠠᠷ ᠪᠤᠵᠠᠭᠠᠶᠢᠷᠠᠪᠠ᠃ ᠬᠤᠸᠠᠳᠧ ᠰᠢᠶᠠᠨ ᠤ ᠤᠯᠤᠰ ᠢᠶᠠᠨ ᠬᠠᠮᠠᠭᠠᠯᠠᠵᠤ ᠬᠢᠯᠢ | ᠬᠢᠵᠠᠭᠠᠷ ᠢ ᠰᠠᠬᠢᠨ ᠬᠠᠮᠠᠭᠠᠯᠠᠭᠰᠠᠨ ᠳᠤᠷᠠᠰᠬᠠᠯ ᠤᠨ ᠲᠠᠰᠤᠭ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ | ᠬᠦᠷᠢᠶᠡᠯᠡᠩ ᠤᠨ ᠳᠡᠯᠭᠡᠨ ᠦᠵᠡᠭᠦᠯᠬᠦ ᠭᠡᠷ ᠪᠣᠯᠤᠨ ︽ᠨᠢᠭᠡ ᠴᠣᠭᠴᠠᠵᠢᠭᠤᠯᠤᠨ ᠰᠡᠳᠬᠢᠯ ᠨᠢᠭᠡᠳᠴᠦ᠂ ᠡᠷᠡᠮᠡᠬᠡᠶᠢᠯᠡᠨ | ᠤᠷᠤᠭᠰᠢᠯᠠᠬᠤ︾ ᠠᠷᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠦᠵᠡᠭᠦᠯᠦᠯᠭᠡ ᠶᠢᠨ ᠲᠢᠩᠬᠢᠮ ᠢ | ᠪᠠᠶᠢᠭᠤᠯᠤᠨ ᠳᠠᠭᠤᠰᠬᠠᠵᠤ ᠣᠷᠳᠣᠨ ᠨᠡᠭᠡᠭᠡᠵᠤ᠂ ᠪᠤᠯᠠᠭ ᠤᠨ ᠤᠰᠤ ᠴᠢᠨ ᠬᠦᠷᠢᠶᠡᠯᠡᠩ ᠤᠨ ᠠᠮᠢ ᠠᠬᠤᠢ ᠶᠢᠨ | ᠠᠮᠠᠷᠠᠯᠲᠠ ᠶᠢᠨ ᠲᠣᠰᠬᠤᠨ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠠᠩᠬᠠᠳᠤᠭᠠᠷ ᠬᠤᠭᠤᠴᠠᠭᠠᠨ ᠤ ᠢᠦᠢ | ᠮᠢᠨ ᠰᠣᠶᠣᠯ ᠡᠷᠳᠡᠮ ᠰᠢᠨᠵᠢᠯᠡᠭᠡᠨ ᠤ ᠰᠣᠯᠢᠯᠴᠠᠭᠠᠨ ᠤ ᠬᠤᠷᠠᠯ ᠢ ᠡᠷᠬᠢᠯᠡᠵᠦ᠂ ᠢᠦᠢ ᠮᠢᠨ ᠪᠠᠭᠤᠷᠢ ᠶᠢ ᠥᠪᠡᠷᠲᠡᠭᠡᠨ | ᠵᠠᠰᠠᠬᠤ ᠣᠷᠣᠨ ᠤ ᠵᠢᠷᠭᠤᠳᠤᠭᠠᠷ ᠪᠦᠯᠦᠭ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠭᠡᠴᠡ ᠪᠣᠯᠭᠠᠬᠤ ᠪᠠᠷ ᠠᠮᠵᠢᠯᠲᠠ ᠲᠠᠢ ᠮᠡᠳᠡᠭᠦᠯᠵᠦ᠂ ᠪᠦᠬᠦ ᠵᠢᠯ ᠳᠤ ᠲᠦᠮᠡ ᠭᠠᠷᠤᠢ | ᠵᠤᠭᠠᠴᠠᠭᠰᠠᠳ ᠢ ᠬᠦᠯᠢᠶᠡᠨ ᠠᠪᠤᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠠᠪᠤᠳᠠᠯ | ᠲᠦᠷᠭᠡᠨ ᠢᠶᠠᠷ ᠬᠥᠭᠵᠢᠪᠡ᠃ 2024 ᠣᠨ ᠳᠤ ᠰᠢᠨ᠎ᠡ ᠪᠠᠷ ᠭᠤᠶᠤᠴᠢᠯᠠᠨ ᠮᠡᠳᠡᠭᠦᠯᠦᠭᠰᠡᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 1 ᠪᠠᠶᠢᠵᠤ᠂ ᠪᠥᠬᠦ ᠰᠢᠶᠠᠨ ᠳᠤ ᠨᠡᠶᠢᠲᠡ 8 ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠪᠤᠶᠢᠵᠢᠭᠤᠯᠵᠤ᠂ ᠥᠪᠥᠷ ᠮᠣᠩᠭᠤᠯ ᠤᠨ ᠿᠢ ᠱᠧᠩ ᡁᠢ ᠪᠥᠸᠧ ᠳᠤᠤᠷ᠎ᠠ ᠪᠢᠴᠢᠯ | ᠨᠡᠭᠦᠷᠡᠰᠦᠲᠥ᠋ᠷᠥᠭᠴᠢ ᠾᠷᠣᠮ ᠲᠡᠮᠦᠷ ᠤᠨ ᠰᠤᠳᠤᠯᠤᠨ ᠨᠡᠭᠡᠭᠡᠬᠦ ᠲᠥᠪ ᠢ ᠥᠪᠡᠷᠲᠡᠭᠡᠨ ᠵᠠᠰᠠᠬᠤ ᠣᠷᠣᠨ ᠤ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢᠶᠠᠷ ᠮᠠᠭᠠᠳᠯᠠᠨ ᠲᠣᠭᠲᠠᠭᠠᠵᠤ᠂ ᠪᠥᠬᠦ ᠰᠢᠶᠠᠨ ᠤ ᠥᠪᠡᠷᠲᠡᠭᠡᠨ ᠵᠠᠰᠠᠬᠤ | ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠨᠢᠭᠡᠨᠲᠡ 4 ᠪᠣᠯᠪᠠ᠃ ᠮᠥᠩᠭᠦᠨ | ᠭᠦᠢᠯᠭᠡᠭᠡᠨ ᠤ ᠦᠢᠯᠡᠰ ᠶᠡᠷᠦᠩᠬᠡᠢ ᠳᠤ ᠪᠠᠨ ᠲᠣᠭᠲᠠᠭᠤᠨ ᠪᠠᠶᠢᠵᠤ᠃ ᠵᠢᠵᠢᠭ ᠪᠢᠴᠢᠯ ᠠᠵᠤ ᠠᠬᠤᠢᠯᠠᠯ ᠤᠨ ᠪᠡᠯᠡ | ᠲᠣᠬᠢᠷᠠᠭᠤᠯᠭ᠎ᠠ ᠶᠢ ᠳᠡᠮᠵᠢᠵᠦ ᠨᠡᠢᠲᠡ 58 ᠳ᠋ᠦᠩᠱᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠲᠠᠯᠪᠢᠪᠠ᠃ | ᠣᠯᠠᠨ ᠲᠦᠮᠡᠨ ᠤ ᠣᠷᠣᠨ ᠰᠠᠭᠤᠴᠠ ᠶᠢᠨ ᠦᠮᠴᠢᠯᠡᠬᠦ ᠡᠷᠬᠡ ᠶᠢᠨ ᠦᠨᠡᠮᠯᠡᠯ ᠭᠦᠢᠴᠡᠳᠭᠡᠬᠦ ᠶᠢ ᠠᠬᠢᠭᠤᠯᠵᠤ᠂ ᠪᠦᠬᠦ | ᠵᠢᠯ ᠳᠤ 1722 ᠢᠵᠢ ᠦᠯᠦ ᠬᠦᠳᠡᠯᠬᠦ ᠬᠦᠷᠦᠩᠭᠡ ᠶᠢᠨ ᠦᠨᠡᠮᠯᠡᠯ ᠭᠦᠢᠴᠡᠳᠭᠡᠬᠦ ᠬᠡᠷᠡᠭᠲᠡᠢ᠃ | ︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠴᠠᠭᠠᠨᠨᠠᠭᠤᠷ ᠤᠨ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦᠨ ᠢ ᠪᠡᠶᠡᠯᠡᠭᠦᠯᠪᠡ᠃ | ᠪᠥᠬᠦ ᠵᠢᠯ ᠳᠤ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠤᠭᠴᠠᠵᠢᠭᠤᠯᠬᠤ ᠢᠨᠵᠧᠨᠧᠷᠢᠩ ᠤᠨ | ᠲᠥᠷᠥᠯ ᠵᠦᠶ᠋ᠯ ᠢ 1.06 ᠲᠦᠮᠡᠨ ᠮᠥ ᠪᠡᠶᠡᠯᠡᠭᠦᠯᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠬᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ 4.4 ᠲᠦᠮᠡᠨ ᠮᠥ ᠡᠯᠡᠰᠦ ᠶᠢ ᠰᠡᠷᠭᠡᠶᠢᠯᠡᠨ | ᠵᠠᠰᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ 7.17 ᠲᠦᠮᠡᠨ ᠮᠥ ᠶᠡᠷᠦᠩᠬᠡᠶᠢᠯᠡᠨ ᠵᠠᠰᠠᠪᠠ᠃ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠲᠣᠭᠤᠰᠣ ᠳᠡᠭᠳᠡᠬᠦ ᠪᠣᠬᠢᠷᠲᠤᠯ ᠢ ᠵᠠᠰᠠᠬᠤ ᠶᠢ | ᠦᠷᠭᠦᠯᠵᠢᠯᠡᠨ ᠠᠬᠢᠭᠤᠯᠵᠤ᠂ ᠪᠥᠬᠦ ᠰᠢᠶᠠᠨ ᠤ ᠬᠡᠪᠴᠢᠶᠡᠨ ᠤ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ | ᠡᠳᠦᠷ ᠤᠨ ᠲᠤᠭ᠎ᠠ ᠶᠢᠨ ᠬᠠᠷᠢᠴᠠᠯ ᠤᠨ ᠨᠣᠷᠮ᠎ᠠ 98.6% ᠳᠤ ᠬᠦᠷᠴᠦ᠂ ᠨᠡᠭᠦᠷᠡᠰᠦ ᠰᠢᠲᠠᠭᠠᠬᠤ ᠭᠦᠸᠧᠯᠦ ᠶᠢ | ᠬᠡᠲᠦ ᠳᠣᠤᠷ᠎ᠠ ᠭᠠᠳᠠᠭᠰᠢᠯᠠᠭᠤᠯᠬᠤ ᠶᠢ ᠥᠭᠡᠷᠡᠴᠢᠯᠡᠬᠦ 4 ᠰᠠᠤᠷᠢ ᠶᠢ ᠪᠡᠶᠡᠯᠡᠭᠦᠯᠪᠡ᠃ ᠲᠠᠷᠢᠶᠠᠯᠠᠩ ᠮᠠᠯ ᠠᠵᠤ | ᠠᠬᠤᠶ ᠶᠢᠨ ᠪᠦᠲᠦᠴᠡ ᠪᠠ ᠬᠡᠪᠴᠢᠶ᠎ᠡ ᠳᠤ ᠢᠳᠡᠪᠬᠢᠲᠡᠶ ᠪᠠᠷ ᠲᠣᠬᠢᠷᠠᠭᠤᠯᠤᠯᠲᠠ ᠬᠢᠵᠦ᠂ ᠬᠡᠲᠦᠷᠡᠲᠡᠯ᠎ᠡ ᠮᠠᠯᠲᠠᠭᠰᠠᠨ | ᠣᠷᠣᠨ ᠪᠦᠰᠡ ᠶᠢᠨ ᠭᠠᠵᠠᠷ ᠳᠣᠤᠷᠠᠬᠢ ᠤᠰᠤ ᠶᠢ ᠠᠰᠢᠭᠯᠠᠨ ᠢᠳᠡᠰᠢᠨ ᠨᠣᠭᠤᠭ᠎ᠠ ᠵᠡᠷᠭᠡ ᠤᠰᠤ ᠶᠡᠭᠡ | ᠬᠤᠷᠣᠭᠳᠠᠭᠤᠯᠬᠤ ᠲᠠᠷᠢᠮᠠᠯ ᠢ ᠬᠥᠭᠵᠢᠭᠦᠯᠬᠦ ᠶᠢ ᠴᠢᠩᠭ᠎ᠠ ᠬᠢᠵᠠᠭᠠᠷᠯᠠᠵᠤ᠂ ᠮᠣᠩᠭᠤᠯ ᠠᠮᠤ᠂ ᠨᠠᠷᠢᠮᠤ᠂ ᠰᠠᠭᠠᠭ ᠵᠡᠷᠭᠡ | ᠭᠠᠩ ᠬᠠᠭᠰᠠᠷᠠᠭᠠᠨ ᠳᠤ ᠲᠡᠰᠪᠦᠷᠢᠲᠡᠶ ᠲᠠᠷᠢᠮᠠᠯ ᠳᠠᠷᠢᠬᠤ ᠶᠢ ᠶᠡᠬᠡᠪᠡᠷ ᠳᠡᠯᠭᠡᠷᠡᠭᠦᠯᠵᠦ᠂ ᠤᠰᠤ ᠶᠡᠭᠡ | ᠬᠤᠷᠣᠭᠳᠠᠭᠤᠯᠬᠤ ᠲᠠᠷᠢᠮᠠᠯ ᠤᠨ ᠳᠠᠷᠢᠬᠤ ᠲᠠᠯᠠᠪᠠᠶ ᠶᠢ 7.99 ᠲᠦᠮᠡᠨ ᠮᠥ ᠪᠠᠭᠠᠰᠬᠠᠵᠤ᠂ ᠬᠡᠲᠦᠷᠡᠲᠡᠯ᠎ᠡ ᠲᠠᠲᠠᠭᠰᠠᠨ | ᠣᠷᠣᠨ ᠤ ᠭᠠᠵᠠᠷ ᠳᠣᠤᠷᠠᠬᠢ ᠤᠰᠤᠨ ᠤ ᠲᠦᠪᠰᠢᠨ ᠨᠢᠳᠤᠨᠤᠨ ᠠᠴᠠ ᠨᠠᠰᠢ ᠦᠷᠭᠦᠯᠵᠢᠯᠡᠨ 17 ᠰᠠᠷ᠎ᠠ | ᠳᠡᠭᠡᠭᠰᠢᠯᠡᠵᠦ᠂ ᠡᠭᠦᠨ ᠳᠤ 11 ᠰᠠᠷ᠎ᠠ ᠶᠢᠨ ᠤᠰᠤᠨ ᠤ ᠲᠦᠪᠰᠢᠨ ᠠᠳᠠᠯᠢ ᠬᠤᠭᠤᠴᠠᠭᠠᠨ ᠤ ᠬᠢ ᠠᠴᠠ 7.55m | ᠳᠡᠭᠡᠭᠰᠢᠯᠡᠪᠡ᠃ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ︾ 1᠂ ᠬᠤᠲᠠ ᠶᠢᠨ ᠱᠠᠲᠤᠨ ᠤ ︽ᠤᠰᠤ ᠠᠷᠪᠢᠯᠠᠬᠤ ᠬᠡᠯᠪᠡᠷᠢ ᠶᠢᠨ ᠠᠵᠤ | ᠠᠬᠤᠶᠢᠯᠠᠯ︾ ᠢ 3 ᠡᠭᠦᠳᠦᠨ ᠪᠠᠶᠢᠭᠤᠯᠤᠨ᠎ᠠ᠃ ᠬᠦᠳᠡᠷ ᠤᠨ ᠣᠷᠴᠢᠨ ᠲᠣᠭᠤᠷᠢᠨ ᠢ ᠵᠠᠰᠠᠬᠤ ᠪᠣᠭᠤᠮᠲᠠ | ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ 9 ᠠᠭᠤᠷᠬᠠᠢ ᠶᠢᠨ ᠠᠵᠤ | ᠠᠬᠤᠶᠢᠯᠠᠯ ᠤᠨ ᠭᠠᠵᠠᠷ ᠳᠡᠭᠡᠷᠡᠬᠢ ᠳᠠᠭᠠᠯᠲᠠ ᠪᠣᠳᠠᠰ ᠢ ᠪᠦᠬᠦ ᠲᠠᠯ᠎ᠠ ᠪᠠᠷ ᠴᠡᠪᠡᠷᠯᠡᠨ ᠨᠤᠷᠠᠭᠠᠵᠤ᠂ ᠠᠭᠤᠷᠬᠠᠢ ᠶᠢᠨ | ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ 0.62 ᠲᠡᠭᠰᠢ ᠳᠥᠷᠪᠡᠯᠵᠢᠨ ᠺᠢᠯᠣᠮᠧᠳ᠋ᠷ ᠲᠥᠪᠯᠡᠷᠡᠭᠦᠯᠦᠨ ᠰᠡᠷᠭᠦᠭᠡᠨ | ᠵᠠᠰᠠᠪᠠ᠃ | ︵ᠵᠢᠷᠭᠤᠭ᠎ᠠ︶ ᠬᠤᠳᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ | ᠬᠤᠲᠠ ᠪᠠᠯᠭᠠᠰᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ | ᠬᠤᠭᠤᠯᠠᠶ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠢᠲᠠᠮᠠᠬᠠᠶ ᠬᠡᠢ᠂ | ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤᠨ ᠤ ᠬᠤᠭᠤᠯᠠᠶ ᠶᠢᠨ ᠲᠣᠤᠷ ᠢ 65.4 ᠺᠢᠯᠣᠮᠧᠳ᠋ᠷ | ᠥᠭᠡᠷᠡᠴᠢᠯᠡᠨ ᠰᠠᠶᠢᠵᠢᠷᠠᠭᠤᠯᠵᠤ᠂ ᠢᠯᠴᠢ ᠬᠠᠩᠭᠠᠬᠤ ᠬᠠᠭᠤᠴᠢᠨ ᠬᠤᠭᠤᠯᠠᠶ ᠶᠢᠨ ᠲᠣᠤᠷ ᠢ 70.3 ᠺᠢᠯᠣᠮᠧᠳ᠋ᠷ | ᠰᠢᠨᠡᠳᠬᠡᠨ ᠥᠭᠡᠷᠡᠴᠢᠯᠡᠨ᠎ᠡ᠃ ᠲᠥᠪ ᠬᠤᠲᠠ ᠶᠢᠨ ᠲᠣᠭᠤᠷᠢᠭ ᠲᠤ ᠱᠢᠨ᠎ᠡ ᠪᠠᠷ ᠪᠠᠢᠭᠤᠯᠤᠭᠰᠠᠨ ᠨᠡᠢᠲᠡ ᠶᠢᠨ | ᠴᠠᠬᠢᠯᠭᠠᠨ ᠴᠡᠨᠡᠭᠯᠡᠬᠦ 12 ᠥᠷᠲᠡᠭᠡ ᠴᠠᠬᠢᠯᠭᠠᠨ ᠴᠡᠨᠡᠭᠯᠡᠬᠦ ᠫᠤᠤ 24 ᠰᠠᠤᠷᠢ᠃ 49 ᠨᠡᠶᠢᠲᠡ ᠶᠢᠨ ᠵᠣᠷᠯᠣᠩ ᠢ | ᠰᠡᠯᠪᠢᠨ ᠵᠠᠰᠠᠵᠤ᠂ ᠥᠭᠡᠷᠡᠴᠢᠯᠡᠨ ᠪᠠᠶᠢᠭᠤᠯᠵᠤ᠂ 3 ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠢ | ᠰᠢᠯᠢᠳᠡᠭᠵᠢᠭᠦᠯᠵᠦ᠂ 235 ᠨᠡᠭᠦᠳᠡᠯ ᠳᠡᠯᠭᠡᠭᠦᠷᠴᠢᠨ ᠢ ᠬᠦᠯᠢᠶᠡᠨ ᠠᠪᠤᠪᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠠᠵᠤ ᠦᠢᠯᠡᠰ ᠤᠨ ᠵᠠᠮ᠂ ᠲᠣᠰᠬᠤᠨ ᠳᠤ ᠨᠡᠪᠲᠡᠷᠡᠬᠦ | ᠵᠠᠰᠠᠮᠠᠯ ᠵᠠᠮ ᠢ 15.2 ᠺᠢᠯᠣᠮᠧᠳ᠋ᠷ ᠳᠡᠪᠢᠰᠴᠦ᠂ 455 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ | 6 ᠬᠥᠳᠡᠭᠡ ᠲᠣᠰᠬᠤᠨ ᠤ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠥᠷᠲᠡᠭᠡ ᠶᠢ ᠪᠠᠶᠢᠭᠤᠯᠵᠤ᠂ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠤᠨ ᠪᠦᠷᠬᠦᠴᠡ ᠶᠢᠨ ᠨᠤᠷᠮ᠎ᠠ 86% ᠳᠤ ᠬᠦᠷᠴᠦ᠂ 6846 | ᠡᠷᠦᠬᠡ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠬᠢᠵᠦ᠂ 5333 ᠲᠣᠨ ᠳᠤᠯᠠᠭᠠᠨ ᠨᠡᠭᠦᠷᠡᠰᠦ ᠲᠠᠷᠬᠠᠭᠠᠪᠠ᠃ | 9 ᠬᠡᠰᠡᠭ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠥᠭᠡᠷᠡᠴᠢᠯᠡᠯᠲᠡ ᠶᠢ | ᠬᠡᠷᠡᠭᠵᠢᠭᠦᠯᠵᠦ᠂ 11.3 ᠺᠢᠯᠣᠮᠧᠳ᠋ᠷ ᠬᠤᠭᠤᠯᠠᠶ ᠳᠡᠪᠢᠰᠴᠦ᠂ ᠤᠰᠤᠨ ᠤ ᠴᠢᠨᠠᠷ ᠢ ᠳᠡᠭᠡᠭᠰᠢᠯᠡᠭᠦᠯᠬᠦ 5499 | ᠲᠥᠬᠦᠭᠡᠷᠦᠮᠵᠢ ᠤᠭᠰᠠᠷᠠᠪᠠ᠃ ᠪᠦᠲᠦᠮᠵᠢᠲᠡᠶ ᠵᠣᠯᠭᠠᠭᠤᠯᠵᠤ ᠦᠷᠭᠦᠯᠵᠢᠯᠡᠨ ᠪᠠᠬᠢᠵᠢᠭᠦᠯᠵᠦ᠂ ᠪᠥᠬᠦ ᠵᠢᠯ ᠳᠤ | ᠵᠣᠯᠭᠠᠭᠤᠯᠬᠤ ᠪᠠᠯᠠ ᠮᠥᠩᠭᠦ ᠶᠢ 2.4 ᠳ᠋ᠦᠩᠰᠢᠭᠤᠷ ᠲᠥᠭᠦᠷᠢᠭ ᠣᠷᠣᠭᠤᠯᠵᠤ᠂ 29 ᠲᠥᠷᠥᠯ ᠵᠦᠢᠯ ᠢ | ᠬᠡᠷᠡᠭᠵᠢᠭᠦᠯᠦᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠤᠨ ᠴᠡᠭ ᠲᠣᠭᠲᠠᠭᠠᠨ ᠬᠠᠪᠰᠤᠷᠤᠨ | ᠲᠡᠳᠬᠦᠬᠦ ᠪᠠᠯᠠ ᠮᠥᠩᠭᠦ ᠶᠢ 0.57 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠠᠵᠤ ᠦᠢᠯᠡᠰ ᠤᠨ ᠬᠥᠭᠵᠢᠯᠲᠡ | ᠵᠡᠷᠭᠡ 17 ᠲᠥᠷᠥᠯ ᠵᠦᠢᠯ ᠢ ᠬᠡᠷᠡᠭᠵᠢᠭᠦᠯᠪᠡ᠃ | ︵ᠳᠤᠯᠤᠭ᠎ᠠ︶ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠪᠠ᠃ | ᠠᠵᠢᠯ ᠣᠯᠭᠤᠬᠤ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠵᠤ᠃ ᠬᠤᠲᠠ ᠪᠠᠯᠭᠠᠰᠤᠨ ᠤ ᠰᠢᠨ᠎ᠡ ᠪᠠᠷ | ᠠᠵᠢᠯ ᠣᠯᠤᠭᠰᠠᠨ ᠬᠥᠮᠦᠨ ᠠᠮᠠ 1369 ᠪᠠᠶᠢᠵᠤ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢ | ᠬᠥᠳᠡᠯᠦᠩᠭᠦᠶ ᠪᠠᠷ ᠦᠭᠡᠶᠢᠰᠬᠡᠬᠦ ᠶᠢ ᠪᠡᠶᠡᠯᠡᠭᠦᠯᠪᠡ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ | ᠠᠯᠬᠤᠮ ᠴᠢᠩᠭᠠᠷᠠᠪᠠ᠃ 1.23 ᠳ᠋ᠦᠩᠰᠢᠭᠤᠷ ᠲᠥᠭᠦᠷᠢᠭ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠯᠠ | ᠮᠥᠩᠭᠦ ᠶᠢ ᠲᠠᠷᠬᠠᠭᠠᠵᠤ᠂ 49.95 ᠲᠦᠮᠡᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠵᠤ᠂ ᠬᠤᠲᠠ | ᠬᠥᠳᠡᠭᠡ ᠶᠢᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 6.4 ᠲᠦᠮᠡ ᠳᠤ ᠬᠦᠷᠴᠦ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 11.71 ᠲᠦᠮᠡ ᠳᠤ ᠬᠦᠷᠴᠡᠶ | ᠃ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠥᠳᠡᠭᠡ ᠲᠣᠰᠬᠤᠨ ᠤ ᠵᠣᠯ ᠵᠢᠷᠭᠠᠯ ᠤᠨ | ᠬᠦᠷᠢᠶᠡᠯᠡᠩ ᠤᠨ 4 ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠦᠢᠯᠡᠰ | ᠥᠷᠨᠢᠨ ᠬᠥᠭᠵᠢᠪᠡ᠃ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠦᠪ ᠤᠨ | ᠵᠠᠷᠤᠯᠭ᠎ᠠ ᠶᠢᠨ 95.1% ᠶᠢ ᠡᠵᠡᠯᠡᠵᠦ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠬᠠᠭᠤᠷᠠᠶ ᠵᠣᠷᠯᠣᠩ ᠢ | ᠰᠡᠯᠪᠢᠨ ᠵᠠᠰᠠᠵᠤ᠂ ᠤᠰᠤᠨ ᠤ ᠴᠢᠨᠠᠷ ᠢ ᠳᠡᠭᠡᠭᠰᠢᠯᠡᠭᠦᠯᠬᠦ 6 ᠲᠥᠬᠦᠭᠡᠷᠦᠮᠵᠢ ᠤᠭᠰᠠᠷᠠᠪᠠ᠃ ᠤᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶ᠎ᠡ ᠴᠠᠷᠠᠭ᠎ᠠ ᠳᠠᠬᠢ ᠳᠤᠪᠤᠶᠢᠮ᠎ᠠ ᠠᠰᠠᠭᠤᠳᠠᠯ ᠢ ᠲᠤᠰᠬᠠᠶᠢᠯᠠᠨ ᠵᠠᠰᠠᠬᠤ | ᠠᠵᠢᠯ ᠢ ᠦᠷᠨᠢᠭᠦᠯᠵᠦ᠂ ᠣᠨ ᠤ ᠠᠵᠢᠯ ᠤᠨ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ ᠲᠠᠪᠤᠳᠤᠭᠠᠷ ᠬᠡᠦᠬᠡᠳ ᠤᠨ | ᠴᠡᠴᠡᠷᠯᠢᠭ ᠵᠢᠩᠬᠢᠨᠢ ᠪᠠᠷ ᠴᠡᠴᠡᠷᠯᠢᠭ ᠡᠷᠬᠢᠯᠡᠵᠦ᠂ ᠵᠢᠷᠭᠤᠳᠤᠭᠠᠷ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠶᠢ | ᠪᠠᠶᠢᠭᠤᠯᠤᠨ ᠳᠠᠭᠤᠰᠬᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠰᠢᠶᠠᠨ ᠤ | ᠬᠡᠪᠴᠢᠶᠡᠨ ᠳᠤ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ | ᠲᠣᠭᠲᠠᠭᠤᠨ ᠢᠶᠠᠷ ᠳᠡᠭᠡᠭᠰᠢᠯᠡᠵᠦ᠂ ᠬᠡᠦᠬᠡᠳ ᠤᠨ ᠴᠡᠴᠡᠷᠯᠢᠭ ᠤᠨ ᠪᠠᠭᠰᠢ 12᠂ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ 4 ᠬᠥᠮᠦᠨ ᠢ ᠢᠯᠡ ᠪᠠᠷ ᠤᠷᠢᠵᠤ᠂ ᠰᠦᠢᠳᠬᠡᠯ ᠬᠤᠷᠢᠶᠠᠬᠤ ᠦᠭᠡᠢ ᠪᠠᠭᠰᠢ ᠶᠢᠨ ᠰᠤᠷᠭᠠᠭᠤᠯᠢ ᠶᠢᠨ | ᠬᠠᠨᠳᠤᠯᠭᠠᠲᠤ ᠠᠵᠢᠯ ᠬᠤᠪᠢᠶᠠᠷᠢᠯᠠᠨ᠂ ᠵᠢᠩᠬᠢᠨᠢ ᠠᠩᠭᠢ ᠳᠤ ᠣᠷᠣᠭᠰᠠᠨ ᠨᠣᠷᠮ᠎ᠠ ᠳᠡᠭᠡᠷ᠎ᠡ ᠵᠢᠯ ᠤᠨ ᠬᠢ ᠠᠴᠠ 7 | ᠵᠠᠭᠤᠨ ᠤ ᠨᠢᠭᠡᠴᠢ ᠳᠡᠭᠡᠭᠰᠢᠯᠡᠵᠡᠢ᠃ ︽ᠨᠠᠷᠠᠲᠤ ᠡᠮᠴᠢ ᠶᠢ ᠬᠥᠮᠦᠵᠢᠭᠦᠯᠬᠦ︾ ᠢᠨᠵᠧᠨᠧᠷᠢᠩ᠂ ︽ᠡᠮᠴᠢᠯᠡᠭᠡᠨ ᠤ | ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠠᠬᠢᠭᠤᠯᠵᠤ᠂ ᠠᠷᠠᠳ ᠣᠯᠠᠨ ᠳᠤ ᠪᠡᠭᠡᠵᠢᠩ ᠤᠨ ᠰᠢᠯᠢᠳᠡᠭ | ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠵᠤ᠂ ᠬᠤᠸᠠᠳᠧ | ᠰᠢᠶᠠᠨ ᠤ ︽ᠤᠯᠠᠭᠠᠨ ᠠᠨᠠᠷ︾ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠠᠶᠢᠭᠤᠯᠵᠤ᠂ ︽ᠪᠦᠬᠦ ᠣᠷᠣᠨ ᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠦᠷᠭᠦᠯᠵᠢᠯᠡᠨ ᠪᠠᠬᠢᠵᠢᠪᠡ᠃ ᠠᠶᠤᠯ ᠦᠭᠡᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠪᠠᠬᠢᠯᠡᠯᠲᠡ ᠳᠠᠭᠠᠷᠢᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠶᠤᠯ ᠦᠭᠡᠶ ᠦᠢᠯᠡᠳᠪᠦᠷᠢᠯᠡᠯ | ᠂ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠶᠡᠭᠡ ᠵᠢᠭᠰᠠᠭᠠᠨ | ᠪᠠᠶᠢᠴᠠᠭᠠᠯᠲᠠ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠰᠢᠨ᠎ᠡ ᠬᠤᠸᠠᠷᠠᠨ ᠤ ᠭᠡᠷ ᠪᠠᠶᠢᠭᠤᠯᠵᠤ᠂ ᠭᠤᠤᠯᠳᠠᠯᠭ᠎ᠠ ᠲᠠᠢ | ᠣᠶ ᠰᠢᠭᠤᠶ ᠶᠢᠨ ᠭᠠᠯ ᠰᠡᠷᠭᠡᠶᠢᠯᠡᠬᠦ ᠵᠠᠮ ᠢ 40.6 ᠺᠢᠯᠣᠮᠧᠲᠷ ᠰᠢᠨ᠎ᠡ ᠪᠠᠷ ᠪᠠᠶᠢᠭᠤᠯᠤᠨ᠎ᠠ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠠᠵᠢᠯ ᠦᠷᠭᠦᠯᠵᠢᠯᠡᠨ ᠬᠥᠭᠵᠢᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠢ | ᠯᠠᠪᠳᠠᠭᠤᠨ ᠢᠶᠠᠷ ᠠᠬᠢᠭᠤᠯᠪᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠵᠢᠯ ᠳᠤ 3.91 ᠳ᠋ᠦᠩᠰᠢᠭᠤᠷ ᠲᠥᠭᠦᠷᠢᠭ ᠤᠨ ᠥᠷᠢ | ᠥᠭᠴᠡᠭᠡ ᠶᠢ ᠠᠷᠢᠯᠭᠠᠨ᠎ᠠ᠃ ᠬᠤᠲᠠ ᠶᠢᠨ ᠱᠠᠲᠤᠨ ᠤ ᠨᠥᠭᠡᠴᠡ ᠠᠮᠤ ᠶᠢ 1 ᠲᠦᠮᠡᠨ ᠲᠣᠨ ᠡᠭᠡᠯᠵᠢᠯᠡᠨ | ᠰᠣᠯᠢᠬᠤ ᠶᠢ ᠪᠡᠶᠡᠯᠡᠭᠦᠯᠦᠨ᠎ᠡ᠃ | ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ | ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠬᠤᠶᠠᠷ ᠢ ᠬᠦᠷᠢᠶᠡᠯᠡᠬᠦ᠂ ᠦᠨᠳᠦᠰᠦᠲᠡᠨ᠂ ᠱᠠᠰᠢᠨ ᠰᠤᠷᠲᠠᠬᠤᠨ᠂ | ᠴᠠᠭ ᠠᠭᠤᠷ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠶᠤᠯᠭᠦᠢ ᠦᠢᠯᠡᠳᠪᠦᠷᠢᠯᠡᠯ᠂ ᠳᠠᠩᠰᠠ ᠡᠪᠬᠡᠮᠡᠯ | ᠲᠡᠦᠬᠡ ᠣᠶᠢᠯᠠᠯᠭ᠎ᠠ᠂ ᠲᠤᠭ᠎ᠠ ᠪᠦᠷᠢᠳᠬᠡᠯ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠭᠠᠳᠠᠭᠠᠳᠤ | ᠶᠠᠪᠤᠳᠠᠯ ᠬᠠᠷᠢᠶᠠᠲᠤ ᠶᠢᠨ ᠶᠠᠪᠤᠳᠠᠯ᠂ ᠡᠮᠡᠭᠲᠡᠶᠢᠴᠦᠳ ᠬᠡᠦᠬᠡᠳ ᠤᠨ ᠨᠠᠰᠤᠵᠢᠯ᠂ ᠵᠡᠮᠳᠡᠭᠴᠦᠳ ᠵᠡᠷᠭᠡ ᠡᠯ᠎ᠡ | ᠵᠦᠢᠯ ᠤᠨ ᠠᠵᠢᠯ ᠴᠥᠮ ᠰᠢᠨ᠎ᠡ ᠠᠬᠢᠴᠠ ᠲᠠᠢ ᠪᠣᠯᠪᠠ᠃ | ᠢᠷᠡᠯᠲᠡ᠄ ᠬᠤᠸᠠᠳᠧ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠵᠣᠬᠢᠶᠠᠭᠴᠢ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠣᠷᠴᠢᠭᠤᠯᠤᠭᠴᠢ᠄ ᠭᠠᠩᠭ᠎ᠠ | |