ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/6

    ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ

ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ

ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠬᠢᠯᠡᠨ ᠬᠤᠷᠠᠯᠳᠤᠭᠤᠯᠵᠤ᠂ ᠦᠢᠯᠡᠴᠢᠯᠡᠭᠡᠨ ᠤ ᠠᠷᠠᠯᠵᠢᠶ᠎ᠠ ᠪᠠ

ᠦᠢᠯᠡᠴᠢᠯᠡᠭᠡᠨ ᠤ ᠬᠡᠷᠡᠭᠯᠡᠭᠡ ᠶᠢᠨ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽ᠰᠢᠨ᠎ᠡ ᠡᠨᠧᠷᠭᠢ ᠶᠢᠨ ᠮᠠᠰᠢᠨ ᠲᠡᠷᠭᠡᠨ ᠤ

ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠵᠢᠯᠯᠠᠭᠠᠨ ᠤ

ᠲᠥᠰᠦᠯ︾ ᠢ ᠬᠢᠨᠠᠨ ᠵᠥᠪᠯᠡᠵᠦ ᠪᠠᠲᠤᠯᠠᠭᠰᠠᠨ ᠮᠥᠷᠲᠡᠭᠡᠨ᠂ 2024 ᠣᠨ ᠳᠠᠬᠢ ᠲᠦᠷᠦ ᠶᠢᠨ ᠶᠠᠪᠤᠳᠠᠯ ᠤᠨ ᠬᠤᠷᠢᠶᠠᠨ ᠤ

ᠰᠠᠯᠠᠭ᠎ᠠ ᠮᠥᠴᠢᠷ ᠤᠳ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ

ᠰᠠᠨᠠᠭᠤᠯᠭ᠎ᠠ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ

ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃

    ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢ

ᠬᠥᠭᠵᠢᠭᠦᠯᠬᠦ ᠪᠣᠯ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢᠨ

ᠴᠢᠬᠤᠯᠠ ᠭᠠᠷᠳᠠᠴᠠ ᠮᠥᠨ᠃ ᠰᠢᠨ᠎ᠡ ᠶᠢ ᠡᠭᠦᠳᠦᠨ ᠬᠦᠴᠦᠯᠡᠵᠦ ᠪᠠᠶᠢᠭᠠᠳ ᠦᠢᠯᠡᠴᠢᠯᠡᠭᠡᠨ ᠤ ᠠᠷᠠᠯᠵᠢᠶ᠎ᠠ ᠪᠠᠨ

ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠲᠠᠯ᠎ᠠ ᠪᠠᠷ ᠬᠢ ᠬᠤᠷᠢᠭᠠᠲᠠᠢ ᠵᠦᠢᠯ ᠤᠨ ᠨᠠᠷᠢᠨ

ᠲᠠᠩᠰᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ

ᠲᠦᠷᠢᠮ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠬᠢᠯᠭᠠᠨ ᠬᠤᠯᠪᠣᠭ᠎ᠠ᠂ ᠰᠤᠷᠭᠠᠨ ᠬᠥᠮᠦᠵᠢᠯ᠂ ᠰᠣᠶᠣᠯ᠂ ᠡᠮ

ᠡᠮᠨᠡᠯᠭᠡ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠤ ᠨᠢᠭᠡ ᠪᠦᠯᠦᠭ ᠰᠢᠨ᠎ᠡ ᠪᠠᠷ ᠨᠡᠭᠡᠭᠡᠯᠲᠡ ᠬᠢᠬᠦ ᠠᠷᠭ᠎ᠠ ᠬᠡᠮᠵᠢᠶ᠎ᠡ ᠶᠢ

ᠰᠤᠳᠤᠯᠤᠨ ᠭᠠᠷᠭᠠᠨ᠎ᠠ᠃ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ ᠢᠳᠡᠪᠬᠢᠲᠡᠶ ᠠᠬᠢᠭᠤᠯᠵᠤ᠂ ᠮᠠᠨ ᠤ ᠤᠯᠤᠰ ᠤᠨ

ᠦᠢᠯᠡᠴᠢᠯᠡᠭᠡᠨ ᠤ ᠠᠵᠤ ᠠᠬᠤᠶᠢᠯᠠᠯ ᠤᠳ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠪᠠ ᠳᠡᠯᠡᠬᠡᠶᠢᠴᠢᠯᠡᠬᠦ

ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠠᠷᠠᠯᠵᠢᠶᠠᠨ ᠤ ᠶᠡᠷᠦᠩᠬᠡᠶᠢᠯᠡᠭᠰᠡᠨ

ᠥᠭᠡᠷᠡᠴᠢᠯᠡᠯᠲᠡ ᠨᠡᠭᠡᠭᠡᠯᠳᠡ ᠶᠢᠨ ᠲᠠᠪᠴᠠᠩ ᠨᠤᠭᠤᠳ ᠢ ᠪᠠᠶᠢᠭᠤᠯᠵᠤ᠂ ᠦᠢᠯᠡᠴᠢᠯᠡᠭᠡᠨ ᠤ ᠠᠷᠠᠯᠵᠢᠶ᠎ᠠ᠂ ᠳ᠋ᠢᠭᠢᠲ

ᠠᠷᠠᠯᠵᠢᠶᠠᠨ ᠤ ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠥᠷᠭᠡᠳᠬᠡᠨ᠎ᠡ᠃

ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ

ᠴᠢᠨᠰᠠᠭ᠎ᠠ ᠶᠢ ᠳᠡᠭᠡᠭᠰᠢᠯᠡᠭᠦᠯᠵᠦ ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ ᠬᠡᠷᠡᠭᠵᠢᠭᠦᠯᠵᠦ᠂ ᠦᠢᠯᠡᠴᠢᠯᠡᠭᠡᠨ ᠤ

ᠬᠡᠷᠡᠭᠯᠡᠭᠡ ᠶᠢᠨ ᠣᠷᠴᠢᠨ ᠪᠠᠶᠢᠳᠠᠯ ᠤᠨ ᠰᠢᠨ᠎ᠡ ᠶᠢ ᠡᠭᠦᠳᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠬᠤ᠂

ᠠᠵᠤ ᠦᠢᠯᠡᠰ ᠤᠨ ᠲᠥᠪᠯᠡᠷᠡᠬᠦ ᠶᠢ ᠳᠡᠮᠵᠢᠵᠦ᠂ ᠰᠣᠶᠣᠯ ᠵᠢᠭᠤᠯᠴᠢᠯᠠᠯ᠂ ᠬᠤᠭᠤᠯᠠ ᠤᠮᠳᠠ ᠬᠤᠨᠣᠭᠯᠠᠵᠤ ᠪᠠᠭᠤᠳᠠᠯᠯᠠᠬᠤ᠂

ᠨᠠᠰᠤᠵᠢᠯ ᠤᠨ ᠠᠰᠠᠷᠠᠮᠵᠢ ᠨᠠᠶᠢᠳᠠᠨ ᠰᠠᠭᠠᠲᠠᠭᠤᠯᠬᠤ᠂ ᠳ᠋ᠢᠭᠢᠲ ᠬᠡᠷᠡᠭᠯᠡᠭᠡ ᠵᠡᠷᠭᠡ ᠬᠦᠷᠢᠶᠡᠨ ᠤ ᠪᠠᠷᠢᠮᠵᠢᠶ᠎ᠠ ᠶᠢ

ᠲᠡᠭᠦᠯᠳᠡᠷᠵᠢᠭᠦᠯᠦᠨ᠎ᠡ᠃ ︽ᠭᠠᠳᠠᠭᠠᠳᠤ ᠳᠤ ᠨᠡᠭᠡᠭᠡᠯᠲᠡ ᠬᠢᠬᠦ︾᠂ ︽ᠳᠣᠲᠣᠭᠠᠳᠤ ᠳᠤ ᠪᠠᠨ ᠴᠢᠯᠦᠭᠡᠲᠡᠢ ᠪᠠᠶᠢᠯᠭᠠᠬᠤ︾

ᠠᠷᠭ᠎ᠠ ᠪᠠᠷ ᠡᠳ᠋ ᠤᠨ ᠵᠠᠰᠠᠭ᠂ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠶᠢ

ᠶᠡᠷᠦᠩᠬᠡᠶᠢᠯᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠬᠦᠴᠦᠨ ᠢ ᠭᠦᠢᠴᠡᠳ ᠠᠰᠢᠭᠯᠠᠨ᠂ ᠴᠢᠨᠠᠷ ᠰᠠᠶᠢᠲᠠᠶ ᠦᠢᠯᠡᠴᠢᠯᠡᠭᠡᠨ ᠤ

ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠪᠠᠶᠢᠭᠠᠳ ᠤᠯᠠᠨ ᠲᠦᠮᠡᠨ ᠤ ᠤᠯᠠᠨ ᠶᠠᠩᠵᠤᠴᠢᠯᠠᠭᠰᠠᠨ

ᠦᠢᠯᠡᠴᠢᠯᠡᠭᠡᠨ ᠤ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ᠃

    ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ

ᠬᠥᠳᠡᠯᠭᠡᠭᠴᠢ ᠬᠦᠴᠦᠨ ᠤ ᠴᠡᠨᠡᠭ ᠣᠳᠣᠬᠠᠨ ᠳᠤ ᠬᠡᠷᠡᠭᠴᠡᠭᠡ ᠠᠴᠠ ᠭᠠᠷᠬᠤ ᠬᠡᠪᠴᠢᠶᠡᠵᠢᠭᠰᠡᠨ ᠱᠠᠲᠤᠨ ᠳᠤ ᠣᠷᠣᠵᠤ᠂

ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠴᠢᠳᠠᠪᠤᠷᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ

ᠳᠡᠭᠡᠭᠰᠢᠯᠡᠭᠦᠯᠬᠦ ᠶᠠᠪᠤᠳᠠᠯ ᠮᠠᠰᠢ ᠴᠢᠬᠤᠯᠠ ᠪᠣᠯᠪᠠ᠃ ᠪᠦᠬᠦ ᠬᠡᠯᠬᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ ᠲᠦᠭᠵᠢᠷᠡᠯ

ᠬᠠᠰᠢᠭᠳᠠᠯ ᠢ ᠬᠦᠴᠦᠯᠡᠨ ᠨᠡᠪᠲᠡᠷᠡᠭᠦᠯᠵᠦ᠂ ᠵᠢᠷᠤᠮᠵᠢᠭᠤᠨ᠂ ᠠᠮᠤᠷ ᠲᠦᠪᠰᠢᠨ᠂ ᠥᠨᠳᠥᠷ ᠪᠦᠲᠦᠮᠵᠢᠲᠡᠢ ᠡᠭᠡᠭᠦᠯᠦᠨ

ᠠᠪᠴᠤ ᠠᠰᠢᠭᠯᠠᠬᠤ ᠲᠣᠭᠲᠠᠯᠴᠠᠭ᠎ᠠ ᠶᠢ ᠪᠠᠶᠢᠭᠤᠯᠵᠤ᠂ ᠳ᠋ᠢᠭᠢᠳ᠋ᠴᠢᠯᠡᠭᠰᠡᠨ ᠮᠡᠷᠭᠡᠵᠢᠯ ᠢ ᠬᠡᠷᠡᠭᠯᠡᠨ ᠬᠥᠳᠡᠯᠭᠡᠭᠴᠢ ᠬᠦᠴᠦᠨ ᠤ

ᠴᠡᠨᠡᠭ ᠤᠨ ᠪᠦᠬᠦ ᠬᠡᠷᠡᠭᠯᠡᠭᠡᠨ ᠤ ᠦᠶᠡᠯᠡᠯ ᠤᠨ ᠬᠤᠭᠤᠴᠠᠭᠠᠨ ᠳᠠᠬᠢ ᠭᠦᠢᠯᠭᠡᠭᠡᠨ ᠢ ᠬᠢᠨᠠᠨ ᠰᠢᠨᠵᠢᠬᠦ ᠶᠢ ᠨᠢ ᠴᠢᠩᠭᠠᠳᠬᠠᠵᠤ᠂

ᠦᠢᠯᠡᠳᠪᠦᠷᠢᠯᠡᠬᠦ᠂ ᠪᠣᠷᠣᠯᠠᠭᠤᠯᠬᠤ᠂ ᠵᠠᠳᠠᠯᠬᠤ᠂ ᠠᠰᠢᠭᠯᠠᠬᠤ ᠶᠢ ᠪᠦᠬᠦ ᠶᠠᠪᠤᠴᠠ ᠳᠤ ᠨᠢ ᠮᠥᠷᠳᠡᠨ ᠤᠬᠤᠴᠢᠯᠠᠬᠤ ᠶᠢ

ᠪᠡᠶᠡᠯᠡᠭᠦᠯᠦᠨ᠎ᠡ᠃ ᠬᠠᠤᠯᠢᠵᠢᠯ ᠤᠨ ᠠᠷᠭ᠎ᠠ ᠪᠠᠷᠢᠯ ᠢ ᠬᠡᠷᠡᠭᠯᠡᠨ ᠡᠭᠡᠭᠦᠯᠦᠨ ᠠᠪᠴᠤ ᠠᠰᠢᠭᠯᠠᠬᠤ ᠶᠢ ᠵᠢᠷᠤᠮᠵᠢᠭᠤᠯᠵᠤ᠂

ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠪᠠᠨ

ᠴᠢᠩᠭᠠᠳᠬᠠᠨ᠎ᠠ᠃ ᠬᠥᠳᠡᠯᠭᠡᠭᠴᠢ ᠬᠦᠴᠦᠨ ᠤ ᠴᠡᠨᠡᠭ ᠤᠨ ᠪᠣᠬᠢᠷᠲᠤᠯ ᠦᠭᠡᠢ ᠵᠢᠷᠤᠭᠯᠠᠬᠤ᠂ ᠦᠢᠯᠡᠳᠬᠦᠨ ᠤ

ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭᠠᠯᠠᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢ ᠲᠦᠷᠭᠡᠬᠡᠨ

ᠲᠣᠭᠲᠠᠭᠠᠵᠤ ᠵᠠᠰᠠᠪᠤᠷᠢ ᠣᠷᠣᠭᠤᠯᠤᠨ᠂ ᠪᠠᠷᠢᠮᠵᠢᠶ᠎ᠠ ᠪᠠᠷ ᠬᠦᠳᠦᠯᠦᠨ ᠳᠠᠭᠠᠭᠤᠯᠵᠤ ᠪᠠᠶᠢᠭᠠᠳ ᠡᠭᠡᠭᠦᠯᠦᠨ ᠠᠪᠴᠤ

ᠠᠰᠢᠭᠯᠠᠬᠤ ᠶᠢ ᠳᠠᠶᠢᠴᠢᠯᠠᠨ᠎ᠠ᠃

    ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠲᠤᠷ

ᠭᠦᠢᠴᠡᠳᠬᠡᠬᠦ ᠪᠣᠯ ᠵᠠᠰᠠᠭ ᠤᠨ ᠣᠷᠳᠣᠨ ᠤ ᠤᠬᠠᠮᠰᠠᠷ ᠠᠴᠠ ᠪᠠᠨ ᠬᠢᠨᠠᠯᠲᠠ ᠬᠦᠯᠢᠶᠡᠬᠦ᠂ ᠬᠠᠤᠯᠢ ᠶᠣᠰᠣᠭᠠᠷ ᠡᠭᠦᠷᠭᠡ

ᠲᠤᠰᠢᠶᠠᠯ ᠢᠶᠠᠨ ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠂ ᠮᠥᠨ ᠴᠦ ᠪᠦᠬᠦ ᠶᠠᠪᠤᠴᠠ ᠳᠠᠬᠢ ᠠᠷᠠᠳ ᠤᠨ

ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠪᠣᠯᠤᠨ᠎ᠠ᠃ ᠲᠦᠷᠦ ᠶᠢᠨ ᠶᠠᠪᠤᠳᠠᠯ ᠤᠨ

ᠬᠤᠷᠢᠶᠠᠨ ᠤ ᠰᠠᠯᠠᠭ᠎ᠠ ᠮᠥᠴᠢᠷ ᠤᠳ ᠤᠨ ᠨᠢᠳᠤᠨᠤᠨ ᠤ ᠳᠠᠭᠠᠭᠠᠨ ᠠᠪᠴᠤ ᠭᠦᠢᠴᠡᠳᠬᠡᠭᠰᠡᠨ ᠰᠠᠨᠠᠭᠤᠯᠭ᠎ᠠ ᠰᠠᠨᠠᠯ

ᠳᠤᠷᠠᠳᠤᠯᠭ᠎ᠠ ᠶᠢ ᠴᠥᠮ ᠴᠠᠭ ᠲᠤᠬᠠᠶ ᠳᠤ ᠨᠢ ᠭᠦᠢᠴᠡᠳᠬᠡᠨ ᠳᠠᠭᠤᠰᠬᠠᠵᠤ᠂ ᠥᠭᠡᠷᠡᠴᠢᠯᠡᠯᠲᠡ ᠬᠥᠭᠵᠢᠯᠲᠡ ᠪᠠ ᠤᠯᠠᠨ

ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠭᠤᠣᠯᠳᠠᠯᠭ᠎ᠠ ᠪᠣᠯᠬᠤ ᠬᠦᠴᠢᠷᠳᠡᠯᠲᠡᠢ ᠠᠰᠠᠭᠤᠳᠠᠯ ᠤᠳ ᠢ

ᠰᠢᠢᠳᠪᠦᠷᠢᠯᠡᠬᠦ ᠶᠢ ᠠᠬᠢᠭᠤᠯᠪᠠ᠃ ᠡᠨᠡ ᠵᠢᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢᠶᠠᠨ

ᠦᠷᠭᠦᠯᠵᠢᠯᠡᠨ ᠴᠢᠨᠠᠷ ᠰᠠᠶᠢᠲᠠᠢ ᠪᠠᠷ ᠰᠠᠶᠢᠲᠤᠷ ᠬᠢᠵᠦ᠂ ᠲᠥᠯᠥᠭᠡᠯᠡᠭᠴᠢ ᠭᠡᠰᠢᠭᠦᠳ ᠯᠦᠭᠡ ᠣᠶᠢᠯᠠᠭᠠᠯᠴᠠᠵᠤ

ᠨᠡᠪᠲᠡᠷᠡᠯᠴᠡᠬᠦ ᠪᠠᠨ ᠴᠢᠩᠭᠠᠳᠬᠠᠵᠤ᠂ ᠠᠳᠠᠯᠢ ᠰᠡᠳᠦᠪ ᠢ ᠬᠠᠮᠲᠤ ᠬᠠᠷᠢᠭᠤᠯᠬᠤ᠂ ᠠᠳᠠᠯᠢ ᠴᠢᠭᠯᠡᠯ ᠢᠶᠠᠷ ᠬᠠᠮᠲᠤ

ᠬᠦᠴᠦᠯᠡᠬᠦ ᠶᠢ ᠪᠠᠷᠢᠮᠲᠠᠯᠠᠵᠤ᠂ ᠬᠦᠴᠢᠷ ᠠᠰᠠᠭᠤᠳᠠᠯ ᠢ ᠴᠢᠨᠠᠭᠰᠢᠳᠠ ᠰᠢᠢᠳᠪᠦᠷᠢᠯᠡᠵᠦ᠂ ᠬᠠᠮᠲᠤ ᠶᠢᠨ ᠲᠠᠨᠢᠯᠲᠠ ᠪᠠᠨ

ᠨᠢᠭᠲᠠᠷᠠᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠬᠡᠬᠦ ᠪᠠᠷ ᠴᠢᠨᠠᠷ ᠰᠠᠶᠢᠲᠠᠢ

ᠬᠥᠭᠵᠢᠯᠲᠡ ᠳᠤ ᠬᠦᠴᠦᠨ ᠨᠡᠮᠡᠷᠢᠯᠡᠨ᠎ᠡ᠃

    ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃

    

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ

ᠪᠡᠯᠡᠳᠭᠡᠭᠰᠡᠨ ᠨᠢ᠄ ᠭᠠᠩᠭ᠎ᠠ

 

 
ᠢᠷᠡᠯᠲᠡ᠄ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2