︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ | ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠳᠠᠷᠤᠮᠠᠯᠯᠠᠨ ᠲᠠᠷᠬᠠᠭᠠᠭᠰᠠᠨ ︹2016︺ 1 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠦᠨᠳᠦᠰᠦᠯᠡᠨ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢ ᠥᠪᠥᠷ ᠮᠣᠩᠭᠤᠯ ᠤᠨ ᠰᠢᠤᠢ ᠬᠤᠤ | ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠢᠵᠠᠭᠠᠷᠲᠤ ᠺᠣᠮᠫᠠᠨᠢ ᠳᠤ ᠨᠠᠶᠢᠳᠠᠵᠤ | ᠤᠯᠠᠭᠠᠨᠴᠠᠪ ᠤᠨ ᠬᠤᠸᠠᠳᠧ ᠰᠢᠶᠠᠨ ᠤ 220kV ᠬᠤᠪᠢᠷᠠᠵᠤ ᠥᠷᠭᠡᠳᠬᠡᠨ ᠪᠠᠶᠢᠭᠤᠯᠬᠤ ᠵᠢᠴᠢ ᠵᠠᠮ ᠱᠤᠭᠤᠮ ᠤᠨ | ᠢᠨᠵᠧᠨᠧᠷᠢᠩ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠳᠠᠭᠤᠰᠬᠠᠵᠤ᠂ ᠡᠳᠦᠭᠡ | ᠬᠤᠯᠪᠣᠭᠳᠠᠯ ᠪᠥᠬᠦᠶ ᠪᠠᠶᠢᠳᠠᠯ ᠢ ᠢᠯᠡ ᠨᠡᠶᠢᠲᠡᠯᠡᠪᠡ᠃ | ᠨᠢᠭᠡ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠷᠡᠶᠢᠳᠦᠯ | ᠤᠯᠠᠭᠠᠨᠴᠠᠪ ᠤᠨ ᠬᠤᠸᠠᠳᠧ ᠰᠢᠶᠠᠨ ᠤ ᠵᠢᠶᠠ ᠱᠦᠨ ᠬᠤᠪᠢᠰᠤᠯ ᠤᠨ 220kV ᠬᠤᠪᠢᠰᠬᠤ 3᠂ 4 ᠳ᠋ᠦᠭᠡᠷ | ᠨᠣᠮᠧᠷᠲᠦ ᠭᠤᠣᠯ ᠬᠤᠪᠢᠰᠤᠯ ᠤᠨ ᠥᠷᠭᠡᠳᠬᠡᠨ ᠪᠠᠶᠢᠭᠤᠯᠬᠤ ᠵᠢᠴᠢ ᠵᠠᠮ ᠱᠤᠭᠤᠮ ᠤᠨ ᠢᠨᠵᠧᠨᠧᠷᠢᠩ | ᠬᠤᠶᠠᠷ᠂ ᠢᠨᠵᠧᠨᠧᠷᠢᠩ ᠤᠨ ᠲᠦᠢᠮᠣ ᠪᠠᠶᠢᠳᠠᠯ | 1. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠥᠪᠥᠷ ᠮᠣᠩᠭᠤᠯ ᠤᠨ ᠴᠠᠬᠢᠯᠭᠠᠨ | ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ | ᠬᠤᠪᠢᠶᠠᠷᠢ ᠺᠣᠮᠫᠠᠨᠢ | 2. ᠲᠥᠷᠥᠯ ᠵᠦᠢᠯ ᠤᠨ ᠰᠢᠨᠵᠢ ᠴᠢᠨᠠᠷ᠄ ᠥᠷᠭᠡᠳᠬᠡᠨ ᠪᠠᠶᠢᠭᠤᠯᠬᠤ | 3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠥᠪᠥᠷ ᠮᠣᠩᠭᠤᠯ ᠤᠨ ᠤᠯᠠᠭᠠᠨᠴᠠᠪ | ᠬᠤᠲᠠ ᠶᠢᠨ ᠬᠤᠸᠠᠳᠧ ᠰᠢᠶᠠᠨ ᠤ ᠬᠢᠯᠢ ᠳᠣᠲᠣᠷ᠎ᠠ | 4. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠵᠢᠴᠢ ᠬᠡᠪᠴᠢᠶ᠎ᠡ᠄ | ᠲᠤᠰ ᠬᠤᠭᠤᠴᠠᠭᠠᠨ ᠳᠤ ᠥᠷᠲᠡᠭᠡᠨ ᠳᠤ ᠭᠤᠣᠯ ᠬᠦᠴᠦᠳᠡᠯ ᠦᠭᠡᠷᠡᠴᠢᠯᠡᠭᠴᠢ ᠶᠢ 2 ︵3᠂ 4 ᠳ᠋ᠤᠭᠡᠷ | ᠨᠣᠮᠧᠷ︶ ᠥᠷᠭᠡᠳᠬᠡᠨ ᠪᠠᠶᠢᠭᠤᠯᠵᠤ᠂ ᠪᠠᠭᠲᠠᠭᠠᠮᠵᠢ ᠨᠢ 240 MV᠃ | ᠳ᠋ᠧ ᠢ - ᠰᠢᠩ ᠭᠤᠸᠠᠩ I ᠱᠣᠭᠤᠮ 1. ᠵᠢᠶᠠ ᠱᠦᠨ ᠤ 220kV ᠱᠤᠭᠤᠮ ᠳᠤ ᠵᠠᠯᠭᠠᠬᠤ᠄ | ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠱᠤᠭᠤᠮ ᠪᠣᠯ ᠣᠳᠣᠬᠢ ᠪᠠᠶᠢᠳᠠᠯ 220kV ᠶᠢᠨ ᠳ᠋ᠧᠰᠢᠩ ᠠᠴᠠ 18 | ᠱᠤᠭᠤᠮ ᠪᠣᠯᠤᠨ᠎ᠠ᠃ | ᠳ᠋ᠧ ᠢ - ᠰᠢᠩ ᠭᠤᠸᠠᠩ I ᠱᠣᠭᠤᠮ᠄ ᠵᠢᠶᠠ ᠱᠦᠨ ᠤ 220kV ᠱᠣᠭᠤᠮ ᠳᠤ ᠵᠠᠯᠭᠠᠬᠤ᠄ | ᠪᠠᠶᠢᠭᠤᠯᠬᠤ ᠪᠠᠷ ᠲᠦᠯᠦᠪᠯᠡᠭᠰᠡᠨ ᠱᠣᠭᠤᠮ ᠨᠢ ᠣᠳᠣᠬᠢ ᠪᠠᠶᠢᠳᠠᠯ 220kV ᠶᠢᠨ ᠳ᠋ᠧᠰᠢᠩ I ᠱᠣᠭᠤᠮ ᠠᠴᠠ 21 | ᠵᠠᠯᠭᠠᠪᠠ | ᠭᠤᠷᠪᠠ᠂ ᠠᠰᠠᠭᠤᠨ ᠯᠠᠪᠯᠠᠬᠤ ᠵᠦᠢᠯᠡᠰ | ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠄ ᠲᠠ ᠲᠤᠰ ᠵᠦᠢᠯᠡᠰ ᠢ ᠬᠡᠷᠡᠭᠵᠢᠭᠦᠯᠬᠦ ᠳᠤ ᠶᠠᠮᠠᠷ | ᠰᠠᠨᠠᠭᠤᠯᠭ᠎ᠠ ᠪᠠ ᠰᠠᠨᠠᠯ ᠪᠠᠶᠢᠬᠤ ᠪᠣᠢ᠃ | ᠳᠥᠷᠪᠡ᠂ ᠢᠯᠡ ᠨᠡᠶᠢᠲᠡᠯᠡᠭᠰᠡᠨ ᠲᠣᠳᠣᠷᠬᠠᠶᠢᠯᠠᠯᠲᠠ | ᠲᠣᠰ ᠤᠳᠠᠭᠠᠨ ᠤ ᠣᠯᠠᠨ ᠨᠡᠶᠢᠲᠡ ᠶᠢᠨ ᠰᠠᠨᠠᠯ ᠢ ᠵᠠᠬᠢᠳᠠᠯ᠂ ᠹᠠᠺᠰ᠂ ᠡᠯᠧᠺᠳ᠋ᠷᠣᠨ ᠰᠢᠦᠳᠠᠨ ᠵᠦᠢᠯ ᠵᠡᠷᠭᠡ | ᠪᠢᠴᠢᠭ ᠤᠨ ᠬᠡᠯᠪᠡᠷᠢ ᠪᠠᠷ ᠳᠠᠮᠵᠢᠭᠤᠯᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠤᠶᠤ ᠨᠡᠶᠢᠭᠡᠮ ᠤᠨ ᠲᠣᠭᠲᠠᠭᠤᠨ | ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠢ ᠲᠠᠢ ᠬᠠᠷᠢᠯᠴᠠᠵᠤ ᠪᠣᠯᠤᠨ᠎ᠠ᠃ | ᠢᠯᠡ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠪᠠᠷᠢᠯᠭ᠎ᠠ ᠪᠠᠶᠢᠭᠤᠯᠤᠭᠰᠠᠨ | ᠨᠢᠭᠡᠴᠡ ᠪᠤᠶᠤ ᠨᠠᠶᠢᠳᠠᠯᠭ᠎ᠠ ᠬᠦᠯᠢᠶᠡᠭᠰᠡᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ | ᠨᠢᠭᠡᠴᠡ ᠨᠢ ᠣᠯᠠᠨ ᠨᠡᠶᠢᠲᠡ ᠳᠤ ᠬᠠᠮᠢᠶ᠎ᠠ ᠪᠥᠬᠦᠶ ᠮᠠᠲ᠋ᠧᠷᠢᠶᠠᠯ ᠢ ᠪᠠᠶᠢᠴᠠᠭᠠᠨ ᠯᠠᠪᠯᠠᠬᠤ᠂ ᠪᠠᠶᠢᠴᠠᠭᠠᠨ ᠦᠵᠡᠬᠦ ᠳᠤ | ᠬᠠᠩᠭᠠᠨ᠎ᠠ᠃ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ | ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠭᠤᠯᠭ᠎ᠠ ᠪᠤᠶᠤ ᠰᠠᠨᠠᠯ ᠲᠠᠢ ᠪᠣᠯ ᠵᠠᠷᠯᠠᠨ ᠨᠡᠶᠢᠲᠡᠯᠡᠭᠰᠡᠨ | ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠨᠢᠭᠡᠴᠡ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ | ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠬᠤ ᠨᠢᠭᠡᠴᠡ ᠳᠤ ᠪᠦᠲᠦᠭᠡᠨ ᠪᠠᠶᠢᠭᠤᠯᠵᠤ ᠪᠣᠯᠤᠨ᠎ᠠ᠃ | ᠢᠯᠡ ᠨᠡᠶᠢᠲᠡᠯᠡᠬᠦ ᠦᠶᠡᠯᠡᠯ ᠤᠨ ᠬᠤᠭᠤᠴᠠᠭ᠎ᠠ᠄ 15 ᠤ ᠡᠳᠦᠷ | ᠲᠠᠪᠤ᠂ ᠬᠡᠷᠡᠭᠵᠢᠭᠦᠯᠬᠦ ᠨᠢᠭᠡᠴᠡ ᠵᠢᠴᠢ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ | ᠨᠢᠭᠡᠴᠢ | 1. ᠬᠡᠷᠡᠭᠵᠢᠭᠦᠯᠬᠦ ᠨᠢᠭᠡᠴᠡ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠬᠠᠷᠢᠯᠴᠠᠬᠤ ᠬᠥᠮᠦᠨ᠄ ᠶᠠᠨ ᠬᠠᠨ ᠤ ᠵᠢᠤᠸᠠᠢ ᠬᠠᠷᠢᠯᠴᠠᠬᠤ ᠤᠲᠠᠰᠤ᠄ 15144845887 | 2. ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ᠄ ᠥᠪᠥᠷ ᠮᠣᠩᠭᠤᠯ ᠤᠨ ᠰᠢᠤᠢ | ᠬᠤᠤ ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠢᠵᠠᠭᠠᠷᠲᠤ ᠺᠣᠮᠫᠠᠨᠢ | ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠥᠩ ᠬᠠᠢ ᠱᠢ | ᠯᠢ ᠴᠢᠩ ᠴᠤᠸᠠᠨ | ᠬᠠᠷᠢᠯᠴᠠᠬᠤ ᠬᠥᠮᠦᠨ᠄ ᠹᠧᠩ ᠽᠧ ᠶᠤᠸᠠᠨ | ᠬᠠᠷᠢᠯᠴᠠᠬᠤ ᠤᠲᠠᠰᠤ᠄ 15049188982 | ᠢᠮᠧᠯ᠄ 240177098@qq. com | ᠣᠨᠴᠠᠭᠠᠶᠢᠯᠠᠨ ᠵᠠᠷᠯᠠᠪᠠ | ᠵᠠᠷᠯᠠᠨ ᠨᠡᠶᠢᠲᠡᠯᠡᠬᠦ ᠨᠢᠭᠡᠴᠡ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | | ᠢᠷᠡᠯᠲᠡ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠵᠣᠬᠢᠶᠠᠭᠴᠢ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠣᠷᠴᠢᠭᠤᠯᠤᠭᠴᠢ᠄ ᠭᠠᠩᠭ᠎ᠠ | |