ᠶᠡᠷᠦᠩᠬᠡᠶ ᠱᠦᠵᠢ ᠰᠢ ᠶᠢᠨ ᠫᠢᠩ ᠤᠨ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ | ᠵᠠᠰᠠᠨ ᠰᠡᠷᠭᠦᠭᠡᠬᠦ ᠲᠤᠬᠠᠶ ᠬᠤᠯᠪᠣᠭᠳᠠᠯ ᠪᠦᠬᠦᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ | ᠲᠦᠷᠢᠮ ᠢ ᠨᠠᠶᠢᠳᠠᠪᠤᠷᠢᠵᠢᠭᠤᠯᠤᠨ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ᠂ | ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠤᠨ ᠬᠠᠮᠠᠭᠠᠯᠠᠵᠤ᠂ ᠮᠠᠨ ᠤ ᠰᠢᠶᠠᠨ ᠤ ᠭᠠᠵᠠᠷ ᠳᠣᠤᠷᠠᠬᠢ | ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠠᠬᠢᠭᠤᠯᠬᠤ ᠶᠢᠨ ᠲᠥᠯᠥᠭᠡ᠃ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤ ᠠᠪᠬᠤ ᠵᠥᠪᠰᠢᠶᠡᠷᠡᠯ ᠪᠠ | ᠤᠰᠤᠨ ᠤ ᠡᠬᠢ ᠪᠠᠶᠠᠯᠢᠭ ᠤᠨ ᠵᠠᠷᠤᠳᠠᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ︽ᠭᠠᠵᠠᠷ ᠳᠣᠤᠷᠠᠬᠢ | ᠤᠰᠤᠨ ᠤ ᠬᠠᠮᠢᠶᠠᠷᠤᠯᠲᠠ ᠶᠢᠨ ᠲᠦᠷᠢᠮ︾ ︽ᠤᠰᠤ ᠶᠢ ᠠᠷᠪᠢᠯᠠᠨ ᠬᠡᠷᠡᠭᠯᠡᠬᠦ ᠲᠦᠷᠢᠮ︾ ᠵᠡᠷᠭᠡ ᠬᠠᠤᠯᠢ ᠴᠠᠭᠠᠵᠠ᠂ | ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠪᠥᠬᠦ ᠰᠢᠶᠠᠨ ᠤ ᠬᠡᠪᠴᠢᠶᠡᠨ ᠳᠤ ᠭᠠᠵᠠᠷ ᠳᠣᠤᠷᠠᠬᠢ | ᠤᠰᠤ ᠶᠢ ᠬᠠᠤᠯᠢ ᠪᠤᠰᠤ ᠪᠠᠷ ᠲᠠᠲᠠᠵᠤ ᠬᠡᠷᠡᠭᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ | ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠬᠤᠳᠳᠤᠭ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠤᠰᠤᠨ ᠰᠤᠷᠪᠤᠯᠵᠢ ᠶᠢᠨ ᠬᠤᠳᠳᠤᠭ᠂ ᠭᠠᠯ ᠤᠨᠲᠠᠷᠠᠭᠠᠬᠤ ᠬᠤᠳᠳᠤᠭ᠂ ᠰᠠᠭᠤᠭᠠᠯᠢ ᠠᠷᠠᠳ ᠤᠨ ᠠᠮᠢᠳᠤᠷᠠᠯ ᠤᠨ | ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠳᠳᠤᠭ ᠠᠴᠠ ᠭᠠᠳᠠᠨ᠎ᠠ᠂ ᠤᠰᠤ ᠠᠪᠬᠤ ᠵᠥᠪᠰᠢᠶᠡᠷᠡᠯ ᠦᠭᠡᠢ | ᠭᠠᠷ ᠭᠦᠢᠴᠡᠳᠬᠡᠯ ᠦᠭᠡᠢ ᠤᠰᠤ ᠠᠪᠬᠤ ᠬᠤᠳᠳᠤᠭ ᠢ ᠡᠷᠬᠡᠪᠰᠢ 2025 ᠣᠨ ᠤ 4 ᠳ᠋ᠦ᠋ᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ ᠥᠪᠡᠰᠦᠪᠡᠨ ᠪᠢᠲᠡᠭᠦᠮᠵᠢᠯᠡᠨ ᠪᠥᠭᠯᠡᠬᠦ ᠬᠡᠷᠡᠭᠲᠡᠢ᠂ ᠡᠰᠡ ᠲᠡᠭᠡᠪᠡᠯ ᠪᠠᠶᠢᠴᠠᠭᠠᠨ | ᠲᠣᠳᠣᠯᠠᠭᠰᠠᠨ ᠤ ᠳᠠᠷᠠᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ | ᠬᠠᠮᠠᠭᠠᠯᠠᠬᠤ ᠪᠠ ᠬᠠᠮᠢᠶᠠᠷᠬᠤ ᠳᠦᠷᠢᠮ︾ ᠤᠨ ᠳᠥᠴᠢᠳᠦᠭᠡᠷ ᠵᠦᠢᠯ ᠤᠨ ᠲᠣᠭᠲᠠᠭᠠᠯ ᠶᠣᠰᠣᠭᠠᠷ 2 ᠲᠦᠮᠡᠨ | ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠮᠠᠰᠢᠨ | ᠴᠠᠬᠢᠯᠭᠠᠨ ᠬᠤᠳᠳᠤᠭ ᠢ ᠪᠢᠲᠡᠭᠦᠮᠵᠢᠯᠡᠨ ᠪᠥᠭᠯᠡᠬᠦ ᠳᠤ ᠬᠡᠷᠡᠭᠰᠡᠬᠦ ᠵᠠᠷᠤᠳᠠᠯ ᠢ ᠪᠦᠬᠦᠨ ᠢ ᠬᠠᠤᠯᠢ ᠶᠢ ᠵᠥᠷᠢᠴᠡᠭᠴᠢ | ᠡᠭᠦᠷᠭᠡᠯᠡᠨ᠎ᠡ᠃ | ᠬᠤᠶᠠᠷ᠂ ᠮᠠᠰᠢᠨ ᠴᠠᠬᠢᠯᠭᠠᠨ ᠬᠤᠳᠳᠤᠭ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠳᠠᠯᠠᠵᠤ᠂ ᠪᠦᠬᠦ | ᠰᠢᠶᠠᠨ ᠤ ᠬᠡᠪᠴᠢᠶᠡᠨ ᠳᠣᠲᠣᠷ᠎ᠠ ᠰᠢᠨ᠎ᠡ ᠪᠠᠷ ᠮᠠᠯᠲᠠᠬᠤ᠂ ᠮᠠᠰᠢᠨ ᠴᠠᠬᠢᠯᠭᠠᠨ ᠬᠤᠳᠳᠤᠭ ᠢ ᠨᠥᠬᠦᠵᠦ ᠮᠠᠯᠲᠠᠬᠤ | ᠪᠤᠶᠤ ᠤᠰᠤ ᠬᠠᠳᠠᠭᠠᠯᠠᠬᠤ ᠴᠥᠭᠦᠷᠥᠮ ᠪᠠᠶᠢᠭᠤᠯᠬᠤ ᠵᠡᠷᠭᠡ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠳᠤ | ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠤᠰᠤᠯᠠᠯᠲᠠ ᠶᠢᠨ ᠲᠠᠯᠠᠪᠠᠢ ᠶᠢ ᠨᠡᠮᠡᠭᠳᠡᠭᠦᠯᠬᠦ ᠶᠢ ᠴᠢᠩᠭ᠎ᠠ | ᠴᠠᠭᠠᠵᠠᠯᠠᠨ᠎ᠠ᠃ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠴᠢᠬᠤᠯᠠᠲᠠᠢ ᠨᠢᠭᠡᠴᠢ ᠪᠠ ᠤᠰᠤ ᠬᠡᠷᠡᠭᠯᠡᠭᠴᠢ | ᠡᠷᠬᠡᠪᠰᠢ ᠰᠢᠶᠠᠨ ᠤ ᠤᠰᠤᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠤᠰᠤ | ᠠᠪᠬᠤ ᠵᠥᠪᠰᠢᠶᠡᠷᠡᠯ ᠤᠨ ᠭᠠᠷ ᠭᠦᠢᠴᠡᠳᠬᠡᠯ ᠢ ᠭᠦᠢᠴᠡᠳᠬᠡᠬᠦ ᠶᠢᠨ ᠬᠠᠮᠲᠤ ᠨᠢᠭᠡ ᠬᠤᠳᠳᠤᠭ ᠨᠢᠭᠡ | ᠬᠦᠰᠦᠨᠦᠭᠲᠦ ᠶᠢ ᠬᠡᠷᠡᠭᠵᠢᠭᠦᠯᠬᠦ ᠬᠡᠷᠡᠭᠲᠡᠶ᠃ ᠤᠰᠤ ᠠᠪᠬᠤ ᠵᠥᠪᠰᠢᠶᠡᠷᠡᠯ ᠤᠨ ᠭᠠᠷᠳᠠᠮ ᠢ ᠭᠦᠢᠴᠡᠳᠬᠡᠭᠰᠡᠨ | ᠦᠭᠡᠢ ᠪᠠᠷ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ︾ ᠤᠨ ᠭᠤᠴᠢᠨ | ᠨᠠᠢᠮᠠᠳᠤᠭᠠᠷ ᠵᠦᠢᠯ ᠤᠨ ᠲᠣᠭᠲᠠᠭᠠᠯ ᠶᠣᠰᠣᠭᠠᠷ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠭᠤᠷᠪᠠ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠳᠤ ᠠᠮᠢᠳᠤᠷᠠᠯ ᠤᠨ ᠬᠡᠷᠡᠭᠯᠡᠬᠦ ᠵᠦᠢ | ᠵᠣᠬᠢᠰᠲᠠᠶ ᠰᠢᠨ᠎ᠡ ᠪᠠᠷ ᠨᠡᠮᠡᠭᠳᠡᠭᠦᠯᠬᠦ ᠠᠴᠠ ᠭᠠᠳᠠᠨ᠎ᠠ᠂ ᠤᠰᠤ ᠲᠠᠲᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠯ | ᠬᠢᠬᠦ ᠶᠢ ᠵᠣᠭᠰᠣᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ | ᠬᠠᠮᠠᠭᠠᠯᠠᠬᠤ ᠪᠠ ᠬᠠᠮᠢᠶᠠᠷᠬᠤ ᠳᠦᠷᠢᠮ︾ ᠤᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠭᠠᠵᠠᠷ ᠳᠣᠤᠷᠠᠬᠢ | ᠤᠰᠤ ᠪᠠᠷ ᠤᠰᠤ ᠲᠠᠲᠠᠬᠤ ᠬᠤᠳᠳᠤᠭ ᠢ ᠰᠢᠨ᠎ᠡ ᠪᠠᠷ ᠨᠡᠮᠡᠵᠦ ᠪᠣᠯᠬᠤ ᠦᠭᠡᠶ᠃ | ᠳᠥᠷᠪᠡ᠂ ᠤᠰᠤ ᠠᠪᠬᠤ ᠵᠥᠪᠰᠢᠶᠡᠷᠡᠯ ᠤᠨ ᠭᠠᠷ ᠭᠦᠢᠴᠡᠳᠬᠡᠯ ᠢ ᠣᠯᠤᠭᠰᠠᠨ ᠤᠰᠤ ᠬᠡᠷᠡᠭᠯᠡᠬᠦ ᠡᠷᠦᠬᠡ ᠤᠰᠤ | ᠠᠪᠬᠤ ᠬᠡᠮᠵᠢᠶ᠎ᠡ ᠪᠠ ᠤᠰᠤ ᠠᠪᠬᠤ ᠬᠡᠷᠡᠭᠴᠡᠭᠡ ᠵᠡᠷᠭᠡ ᠤᠰᠤ ᠠᠪᠬᠤ ᠵᠥᠪᠰᠢᠶᠡᠷᠡᠯ ᠤᠨ ᠦᠨᠡᠮᠯᠡᠯ ᠳᠤ | ᠲᠣᠳᠣᠷᠬᠠᠶᠢᠯᠠᠭᠰᠠᠨ ᠵᠦᠢᠯᠡᠰ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠠᠵᠤ ᠠᠬᠤᠶᠢᠯᠠᠯ ᠪᠤᠶᠤ | ᠠᠮᠢᠳᠤᠷᠠᠯ ᠤᠨ ᠪᠤᠰᠤ ᠬᠡᠷᠡᠭᠯᠡᠬᠦ ᠤᠰᠤᠨ ᠳᠤ ᠳᠤᠷ᠎ᠠ ᠪᠠᠷ ᠢᠶᠠᠨ ᠭᠠᠵᠠᠷ ᠳᠣᠣᠷᠠᠬᠢ ᠤᠰᠤ ᠶᠢ ᠰᠢᠯᠵᠢᠭᠦᠯᠦᠨ | ᠬᠠᠩᠭᠠᠬᠤ ᠶᠢ ᠴᠠᠭᠠᠵᠠᠯᠠᠵᠤ᠂ ᠣᠯᠵᠤ ᠮᠡᠳᠡᠪᠡᠯ ᠤᠰᠤ ᠠᠪᠬᠤ ᠵᠥᠪᠰᠢᠶᠡᠷᠡᠯ ᠢ ᠬᠤᠷᠢᠶᠠᠨ ᠠᠪᠴᠤ ᠬᠦᠴᠦᠨ ᠦᠭᠡᠢ | ᠪᠣᠯᠭᠠᠨ᠎ᠠ᠃ ᠡᠭᠦᠨ ᠤ ᠬᠠᠮᠲᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ | ᠶᠢᠨ 69 ᠳ᠋ᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ 2 ᠲᠦᠮᠡᠨ ᠲᠥᠭᠦᠷᠢᠭ ᠠᠴᠠ ᠳᠡᠭᠡᠭᠰᠢ 10 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠲᠠᠪᠤ᠂ ᠬᠤᠳᠳᠤᠭ ᠥᠷᠥᠮᠳᠡᠬᠦ ᠪᠠᠷᠢᠯᠭ᠎ᠠ ᠪᠠᠷᠢᠬᠤ ᠨᠢᠭᠡᠴᠡ ︵ᠬᠤᠪᠢ ᠬᠥᠮᠦᠨ︶ ᠬᠤᠳᠳᠤᠭ ᠥᠷᠥᠮᠳᠡᠬᠦ | ᠲᠤᠬᠠᠶᠢᠯᠠᠭᠰᠠᠨ ᠠᠵᠢᠯ ᠢ ᠳᠠᠭᠠᠭᠠᠴᠢᠯᠠᠬᠤ ᠳᠤ᠂ ᠥᠮᠴᠢᠲᠡᠨ ᠡᠷᠬᠡᠪᠰᠢ ᠬᠤᠳᠳᠤᠭ ᠥᠷᠥᠮᠳᠡᠬᠦ ᠶᠢ ᠬᠢᠨᠠᠨ | ᠵᠥᠪᠰᠢᠶᠡᠷᠡᠭᠦᠯᠬᠦ ᠭᠠᠷᠳᠠᠮ ᠲᠤᠰᠢᠶᠠᠭᠰᠠᠨ ᠤ ᠳᠠᠷᠠᠭ᠎ᠠ ᠰᠠᠶ᠋ᠢ ᠪᠠᠷᠢᠯᠭ᠎ᠠ ᠪᠠᠷᠢᠵᠤ ᠪᠣᠯᠤᠨ᠎ᠠ᠃ ᠥᠮᠴᠢᠲᠡᠨ ᠬᠤᠳᠳᠤᠭ | ᠥᠷᠥᠮᠳᠡᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ ᠲᠤᠰᠢᠶᠠᠭᠰᠠᠨ ᠦᠭᠡᠶ ᠳᠤᠷ᠎ᠠ ᠪᠠᠷ ᠢᠶᠠᠨ ᠪᠠᠷᠢᠯᠭ᠎ᠠ ᠪᠠᠷᠢᠭᠰᠠᠨ | ᠬᠤᠳᠳᠤᠭ ᠥᠷᠥᠮᠳᠡᠬᠦ ᠪᠠᠷᠢᠯᠭ᠎ᠠ ᠪᠠᠷᠢᠬᠤ ᠨᠢᠭᠡᠴᠡ ︵ᠬᠤᠪᠢ ᠬᠥᠮᠦᠨ︶ ᠶᠢ ᠬᠠᠤᠯᠢ ᠶᠣᠰᠣᠭᠠᠷ ᠴᠢᠩᠭ᠎ᠠ | ᠪᠠᠶᠢᠴᠠᠭᠠᠨ ᠰᠢᠶ᠋ᠳᠪᠦᠷᠢᠯᠡᠬᠦ ᠶᠢᠨ ᠬᠠᠮᠲᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ | ᠬᠠᠤᠯᠢ︾ ᠶᠢᠨ ᠵᠢᠷᠠᠨ ᠲᠠᠪᠤᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ 1 | ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠵᠢᠷᠭᠤᠭ᠎ᠠ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠤᠰᠤ ᠠᠪᠬᠤ ᠵᠥᠪᠰᠢᠶᠡᠷᠡᠯ ᠦᠭᠡᠶ ᠭᠠᠷ ᠭᠦᠢᠴᠡᠳᠬᠡᠯ | ᠦᠭᠡᠶ ᠤᠰᠤᠨ ᠬᠤᠳᠳᠤᠭ ᠲᠤ ᠤᠰᠤ ᠠᠪᠬᠤ ᠴᠠᠬᠢᠯᠭᠠᠨ ᠬᠦᠴᠦᠨ ᠤ ᠪᠡᠯᠡᠳᠬᠡᠮᠵᠢ ᠶᠢ ᠢᠵᠢ ᠪᠦᠷᠢᠳᠦᠭᠦᠯᠦᠨ | ᠥᠭᠴᠦ ᠪᠣᠯᠬᠤ ᠦᠭᠡᠶ᠂ ᠡᠭᠦᠨ ᠳᠤ ᠨᠡᠮᠡᠭᠳᠡᠭᠦᠯᠬᠦ ︵ᠥᠷᠭᠡᠳᠬᠡᠬᠦ︶ ᠪᠠᠭᠲᠠᠭᠠᠮᠵᠢ ᠪᠣᠯᠤᠨ ᠬᠡᠯᠬᠢᠶ᠎ᠡ ᠶᠢ | ᠥᠭᠡᠷᠡᠴᠢᠯᠡᠬᠦ ᠪᠠᠭᠲᠠᠨ᠎ᠠ᠃ ᠴᠠᠬᠢᠯᠭᠠᠨ ᠲᠦᠭᠡᠭᠡᠬᠦ ᠳᠤ ᠨᠢᠭᠡᠨᠲᠡ ᠤᠰᠤ ᠲᠠᠲᠠᠭᠰᠠᠨ ᠥᠮᠴᠢᠲᠡᠨ ᠳᠤ ᠣᠨ ᠤ | ᠮᠡᠳᠡᠭᠦᠯᠦᠯᠲᠡ ᠬᠢᠬᠦ ᠦᠶ᠎ᠡ ᠳᠤ᠂ ᠤᠰᠤ ᠠᠪᠬᠤ ᠵᠥᠪᠰᠢᠶᠡᠷᠡᠯ ᠤᠨ ᠭᠠᠷᠳᠠᠮ ᠪᠠᠶᠢᠬᠤ ᠡᠰᠡᠬᠦ ᠶᠢ ᠪᠠᠶᠢᠴᠠᠭᠠᠨ | ᠦᠵᠡᠵᠦ᠂ ᠤᠰᠤ ᠠᠪᠬᠤ ᠭᠠᠷᠳᠠᠮ ᠦᠭᠡᠶ ᠪᠣᠯ ᠴᠠᠬᠢᠯᠭᠠᠨ ᠨᠡᠪᠲᠡᠷᠡᠭᠰᠡᠨ ᠦᠭᠡᠶ ᠪᠠᠶᠢᠬᠤ ᠬᠡᠷᠡᠭᠲᠡᠶ︔ ᠴᠠᠬᠢᠯᠭᠠᠨ | ᠬᠦᠴᠦᠨ ᠤ ᠪᠡᠯᠡᠳᠬᠡᠮᠵᠢ ᠶᠢ ᠨᠢ ᠳᠤᠷ᠎ᠠ ᠪᠠᠷ ᠢᠶᠠᠨ ᠬᠠᠩᠭᠠᠭᠰᠠᠨ ᠪᠣᠯ᠂ ᠬᠠᠮᠢᠶ᠎ᠠ ᠪᠦᠬᠦᠢ ᠨᠢᠭᠡᠴᠡ ᠪᠤᠶᠤ ᠬᠤᠪᠢ | ᠬᠥᠮᠦᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ | ᠲᠤᠯᠤᠭ᠎ᠠ᠂ ᠰᠢᠶᠠᠨ ᠤ ᠤᠰᠤᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠥᠪᠡᠷ ᠢᠶᠠᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠲᠤ | ᠤᠰᠤ ᠠᠪᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠡᠯ᠎ᠡ ᠰᠢᠶᠠᠩ ︵ᠪᠠᠯᠭᠠᠰᠤ︶ ᠤᠨ ᠠᠷᠠᠳ ᠤᠨ | ᠵᠠᠰᠠᠭ ᠤᠨ ᠣᠷᠳᠣᠨ ᠲᠤᠰ ᠣᠷᠣᠨ ᠤ ᠪᠠᠨ ᠳᠣᠲᠣᠷᠠᠬᠢ ᠥᠪᠡᠷ ᠢᠶᠠᠨ ᠪᠡᠯᠡᠳᠬᠡᠭᠰᠡᠨ ᠤᠰᠤᠨ ᠰᠤᠷᠪᠤᠯᠵᠢ ᠶᠢᠨ | ᠬᠤᠳᠳᠤᠭ ᠤᠨ ᠬᠠᠤᠯᠢ ᠶᠢ ᠵᠥᠷᠢᠴᠡᠨ ᠤᠰᠤ ᠠᠪᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ | ᠵᠠᠬᠢᠷᠭᠠᠨ ᠤ ᠰᠢᠢᠳᠭᠡᠯ ᠥᠭᠬᠦ ᠶᠢ ᠬᠠᠷᠢᠭᠤᠴᠠᠨ᠎ᠠ᠃ ᠬᠠᠤᠯᠢ ᠪᠤᠰᠤ ᠪᠠᠷ ᠬᠤᠳᠳᠤᠭ ᠥᠷᠥᠮᠳᠡᠬᠦ᠂ ᠬᠠᠤᠯᠢ | ᠪᠤᠰᠤ ᠪᠠᠷ ᠤᠰᠤ ᠠᠪᠬᠤ ᠦᠢᠯᠡ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠶ ᠲᠣᠭᠤᠷᠢᠨ ᠪᠠᠶᠢᠴᠠᠭᠠᠯᠲᠠ ᠥᠷᠨᠢᠭᠦᠯᠵᠦ | ᠂ ᠣᠯᠵᠤ ᠮᠡᠳᠡᠪᠡᠯ ᠲᠡᠷᠡ ᠳᠠᠷᠤᠶ ᠳᠤᠨᠢ ᠬᠤᠷᠢᠭᠯᠠᠨ ᠵᠣᠭᠰᠣᠭᠠᠬᠤ ᠶᠢᠨ ᠬᠠᠮᠲᠤ ᠳᠡᠭᠡᠭᠰᠢ ᠮᠡᠳᠡᠭᠦᠯᠵᠦ᠂ ᠬᠤᠷᠢᠭᠯᠠᠨ | ᠵᠣᠭᠰᠣᠭᠠᠬᠤ ᠥᠬᠡᠶ ᠮᠥᠷᠲᠡᠭᠡᠨ ᠳᠡᠭᠡᠭᠰᠢ ᠮᠡᠳᠡᠭᠦᠯᠬᠦ ᠥᠬᠡᠶ ᠪᠣᠯ ᠭᠤᠤᠯ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠨᠡᠬᠡᠮᠵᠢᠯᠡᠨ᠎ᠡ᠃ | ᠨᠠᠢᠮᠠ᠂ ᠡᠯ᠎ᠡ ᠰᠢᠶᠠᠩ ︵ᠪᠠᠯᠭᠠᠰᠤ︶ ᠤᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠤᠰᠤᠨ | ᠠᠰᠢᠭᠯᠠᠯᠲᠠ᠂ ᠳᠣᠲᠣᠭᠠᠳᠤ ᠶᠢ ᠬᠠᠮᠠᠭᠠᠯᠠᠬᠤ᠂ ᠴᠠᠬᠢᠯᠭᠠᠨ ᠬᠠᠩᠭᠠᠬᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠠᠴᠠ ᠬᠠᠮᠲᠤᠷᠠᠭᠰᠠᠨ ᠬᠠᠤᠯᠢ ᠬᠡᠷᠡᠭᠵᠢᠭᠦᠯᠬᠦ | ᠠᠩᠭᠢ ᠪᠠᠶᠢᠭᠤᠯᠵᠤ᠂ ᠬᠠᠤᠯᠢ ᠪᠤᠰᠤ ᠪᠠᠷ ᠬᠤᠳᠳᠤᠭ ᠥᠷᠥᠮᠳᠡᠬᠦ ᠪᠠ ᠬᠠᠤᠯᠢ ᠪᠤᠰᠤ ᠪᠠᠷ ᠤᠰᠤ ᠲᠠᠲᠠᠬᠤ ᠦᠢᠯᠡ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ | ᠶᠢᠰᠦ᠂ ᠬᠠᠤᠯᠢ ᠪᠤᠰᠤ ᠪᠠᠷ ᠬᠤᠳᠳᠤᠭ ᠥᠷᠥᠮᠳᠡᠬᠦ᠂ ᠬᠠᠤᠯᠢ ᠪᠤᠰᠤ ᠪᠠᠷ ᠤᠰᠤ ᠠᠪᠴᠤ ᠬᠡᠷᠡᠭᠯᠡᠬᠦ ᠦᠢᠯᠡ | ᠠᠵᠢᠯᠯᠠᠭ᠎ᠠ ᠳᠤ ᠴᠣᠬᠢᠯᠲᠠ ᠥᠭᠬᠦ ᠶᠢ ᠬᠠᠷᠰᠢᠯᠠᠭᠰᠠᠨ ᠨᠢᠭᠡᠴᠡ ᠪᠤᠶᠤ ᠬᠤᠪᠢ ᠬᠥᠮᠦᠨ ᠢ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ | ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠨ᠎ᠠ᠃ ᠦᠢᠯᠡ | ᠪᠠᠶᠢᠳᠠᠯ ᠨᠢ ᠬᠦᠨᠳᠦ ᠨᠣᠴᠢᠲᠠᠶ ᠬᠠᠤᠯᠢ ᠠᠴᠠ ᠵᠥᠷᠢᠴᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠣᠯ ᠬᠠᠤᠯᠢ | ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠶ᠋ᠳᠪᠦᠷᠢᠯᠡᠭᠦᠯᠬᠦ ᠬᠡᠷᠡᠭᠲᠡᠶ᠃ | ᠠᠷᠪᠠ᠂ ᠲᠣᠰ ᠤᠳᠠᠭᠠᠨ ᠤ ᠬᠠᠤᠯᠢ ᠠᠴᠠ ᠵᠥᠷᠢᠴᠡᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ | ᠠᠵᠢᠯᠯᠠᠭ᠎ᠠ ᠳᠤ ᠴᠣᠬᠢᠯᠲᠠ ᠥᠭᠬᠦ ᠳᠤ ᠱᠠᠩᠨᠠᠯ ᠲᠠᠢ ᠢᠯᠡᠴᠢᠯᠡᠨ ᠮᠡᠳᠡᠭᠦᠯᠦᠯᠲᠡ ᠬᠢᠨ᠎ᠠ᠃ ᠳᠤᠷ᠎ᠠ ᠪᠠᠷ ᠢᠶᠠᠨ | ᠬᠤᠳᠳᠤᠭ ᠥᠷᠥᠮᠳᠡᠵᠦ ᠤᠰᠤ ᠠᠪᠤᠭᠰᠠᠨ ᠪᠠᠶᠢᠪᠠᠯ᠂ ᠴᠠᠭ ᠲᠤᠬᠠᠶ ᠳᠤᠨᠢ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠠᠷ | ᠢᠯᠡᠴᠢᠯᠡᠨ ᠮᠡᠳᠡᠭᠦᠯᠵᠦ ᠪᠣᠯᠤᠨ᠎ᠠ᠂ ᠪᠠᠶᠢᠴᠠᠭᠠᠭᠠᠳ ᠦᠨᠡᠨ ᠪᠣᠳᠠᠲᠠᠶ ᠪᠠᠶᠢᠪᠠᠯ᠂ ᠬᠤᠳᠳᠤᠭ ᠪᠦᠷᠢ ᠳᠤ 500 ᠠᠴᠠ | 1000 ᠲᠥᠭᠦᠷᠢᠭ ᠱᠠᠩᠨᠠᠵᠤ᠂ ᠢᠯᠡᠴᠢᠯᠡᠨ ᠮᠡᠳᠡᠭᠦᠯᠦᠭᠰᠡᠳ ᠲᠤ ᠨᠢᠭᠤᠴᠠ ᠶᠢ ᠴᠢᠩᠭ᠎ᠠ ᠬᠠᠮᠠᠭᠠᠯᠠᠬᠤ ᠳᠦᠷᠢᠮ ᠢ | ᠬᠡᠷᠡᠭᠵᠢᠭᠦᠯᠬᠦ ᠬᠡᠷᠡᠭᠲᠡᠶ᠃ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠢᠯᠡᠴᠢᠯᠡᠨ ᠮᠡᠳᠡᠭᠦᠯᠬᠦ ᠤᠲᠠᠰᠤ᠄ | ᠬᠤᠸᠠᠳᠧ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠄ 0474 - 2276280 | ᠴᠠᠩᠱᠦ᠋ᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠄ 0474 - 7902267 | ᠴᠤᠤᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠄ 0474 - 7610010 | ᠳᠣᠯᠣᠳᠤᠭᠠᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠄ 0474 - 7623251 | ᠪᠠᠶᠠᠨᠲᠠᠯ᠎ᠠ ᠰᠢᠶᠠᠩ ᠤᠨ ᠠᠷᠠᠳ ᠤᠨ ᠵᠠᠰᠠᠭ ᠤᠨ ᠣᠷᠳᠣᠨ᠄ 0474 - 7647098 | ᠭᠦᠨᠤᠯᠠᠭᠠᠨᠬᠤᠳᠳᠤᠭ ᠰᠢᠶᠠᠩ ᠤᠨ ᠠᠷᠠᠳ ᠤᠨ ᠵᠠᠰᠠᠭ ᠤᠨ ᠣᠷᠳᠣᠨ᠄ 0474-7694450 | ᠳᠡᠪᠡᠭᠡᠲᠤ ᠰᠢᠶᠠᠩ ᠤᠨ ᠠᠷᠠᠳ ᠤᠨ ᠵᠠᠰᠠᠭ ᠤᠨ ᠣᠷᠳᠣᠨ᠄ 0474 - 7653480 | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ | 2025 ᠣᠨ ᠤ 2 ᠰᠠᠷ᠎ᠠ ᠶᠢᠨ 24 ᠤ ᠡᠳᠦᠷ | | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠤᠭᠴᠢ᠄ ᠭᠠᠩᠭ᠎ᠠ | |