︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠠᠨ ᠤ ᠳᠦᠷᠢᠮ ︵ᠲᠤᠷᠰᠢᠨ ᠬᠡᠷᠡᠭᠵᠢᠭᠦᠯᠬᠦ︶ | ︾ ︵ᠥᠪᠥᠷ ᠲᠣᠭᠲᠠᠭᠤᠨ ᠲᠠᠷᠬᠠᠭᠠᠭᠰᠠᠨ ︹2016︺ 1 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ | ᠲᠦᠭᠰᠢᠭᠦᠷᠢ ᠶᠢ ᠦᠨᠡᠯᠡᠨ ᠵᠢᠱᠢᠬᠦ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠬᠤᠸᠠᠳᠧ ᠰᠢᠶᠠᠨ ᠤ ᠴᠠᠩᠱᠦ᠋ᠨ ᠪᠠᠯᠭᠠᠰᠤᠨ ᠤ ᠪᠠᠷᠢᠯᠭ᠎ᠠ ᠶᠢᠨ | ᠬᠤᠭ ᠨᠣᠪᠰᠢ ᠠᠷᠢᠯᠭᠠᠬᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ | 2. ᠪᠥᠲᠥᠭᠡᠨ ᠪᠠᠶᠢᠭᠤᠯᠬᠤ ᠭᠠᠵᠠᠷ᠄ ᠬᠤᠸᠠᠳᠧ ᠰᠢᠶᠠᠨ ᠤ ᠴᠠᠩᠱᠦ᠋ᠨ ᠪᠠᠯᠭᠠᠰᠤᠨ ᠤ ᠴᠠᠩ ᠠᠨ ᠶᠡᠭᠡ | ᠵᠡᠭᠡᠯᠢ ᠶᠢᠨ ᠬᠠ ᠯᠦ ᠲᠣᠰᠣ ᠨᠡᠮᠡᠬᠦ ᠥᠷᠲᠡᠭᠡ ᠶᠢᠨ ᠵᠡᠭᠦᠨ ᠬᠡᠰᠡᠭ | 3. ᠪᠥᠲᠥᠭᠡᠨ ᠪᠠᠶᠢᠭᠤᠯᠬᠤ ᠠᠭᠤᠯᠭ᠎ᠠ᠄ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠬᠤᠭ ᠨᠣᠪᠰᠢ | ᠠᠷᠢᠯᠭᠠᠬᠤ ᠲᠠᠯᠠᠪᠠᠶ ᠨᠢᠭᠡ ᠪᠠᠶᠢᠵᠤ᠂ ᠶᠡᠷᠦᠩᠬᠡᠶ ᠲᠠᠯᠠᠪᠠᠶ ᠨᠢ 67590.94 ᠲᠡᠭᠰᠢ ᠳᠥᠷᠪᠡᠯᠵᠢᠨ ᠮᠧ᠊ᠲᠷ᠂ | ᠳᠠᠭᠠᠯᠲᠠ ᠬᠡᠷ ᠪᠠᠶᠢᠰᠢᠩ ᠤᠨ ᠶᠡᠷᠦᠩᠬᠡᠶ ᠲᠠᠯᠠᠪᠠᠶ ᠨᠢ 126 ᠲᠡᠭᠰᠢ ᠳᠥᠷᠪᠡᠯᠵᠢᠨ ᠮᠧ᠊ᠲᠷ᠂ ᠬᠤᠪᠢᠶᠠᠨ ᠢᠯᠭᠠᠬᠤ | ᠦᠢᠯᠡᠳᠪᠦᠷᠢ ᠶᠢᠨ ᠲᠠᠰᠤᠭ ᠨᠢ 1 000 ᠲᠡᠭᠰᠢ ᠳᠥᠷᠪᠡᠯᠵᠢᠨ ᠮᠧ᠊ᠲᠷ᠂ ᠢᠵᠢ ᠪᠥᠷᠢᠳᠦᠭᠦᠯᠬᠦ ᠳᠠᠭᠠᠯᠲᠠ | ᠲᠥᠬᠦᠭᠡᠷᠦᠮᠵᠢ ᠶᠢ ᠢᠵᠢ ᠪᠥᠷᠢᠳᠦᠭᠦᠯᠵᠦ᠂ ᠡᠳᠦᠷ ᠲᠤ 150 ᠲᠣᠨ ᠰᠢᠢᠳᠪᠦᠷᠢᠯᠡᠵᠦ᠂ ᠬᠡᠷᠡᠭᠯᠡᠬᠦ ᠬᠤᠭᠤᠴᠠᠭ᠎ᠠ ᠨᠢ | 15 ᠵᠢᠯ ᠪᠣᠯᠤᠨ᠎ᠠ᠃ ᠰᠢᠢᠳᠪᠦᠷᠢᠯᠡᠬᠦ ᠠᠷᠭ᠎ᠠ ᠶᠢ ᠪᠤᠴᠠᠭᠠᠨ ᠪᠥᠭᠯᠡᠵᠦ ᠰᠢᠢᠳᠪᠦᠷᠢᠯᠡᠨ᠎ᠡ᠃ | 4. ᠪᠥᠲᠥᠭᠡᠨ ᠪᠠᠶᠢᠭᠤᠯᠬᠤ ᠠᠵᠢᠯ ᠤᠨ ᠬᠤᠭᠤᠴᠠᠭ᠎ᠠ᠄ 2025 ᠣᠨ ᠤ 4 ᠰᠠᠷ᠎ᠠ ᠠᠴᠠ 2025 ᠣᠨ ᠤ | 9 ᠰᠠᠷ᠎ᠠ ᠪᠣᠯᠲᠠᠯ᠎ᠠ᠃ | 5. ᠪᠡᠯᠡ ᠣᠷᠣᠭᠤᠯᠤᠯᠲᠠ ᠶᠢᠨ ᠪᠠᠶᠢᠳᠠᠯ᠄ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 900 | ᠲᠦᠮᠡᠨ ᠲᠥᠭᠦᠷᠢᠭ᠂ ᠪᠡᠯᠡ ᠮᠥᠩᠭᠦ ᠶᠢᠨ ᠢᠷᠡᠯᠲᠡ ᠨᠢ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ᠃ | | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ | 1. ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ᠄ ᠲᠣᠰ ᠲᠥᠷᠥᠯ ᠵᠦᠢᠯ ᠨᠢ ᠭᠠᠵᠠᠷ ᠬᠡᠷᠡᠭᠯᠡᠬᠦ | ᠬᠡᠪᠴᠢᠶᠡᠨ ᠳᠣᠲᠣᠷᠠᠬᠢ ᠠᠰᠢᠭ ᠲᠤᠰᠠ ᠳᠤ ᠬᠤᠯᠪᠣᠭᠳᠠᠬᠤ ᠬᠠᠮᠲᠤᠯᠢᠭ ᠪᠣᠯᠤᠨ᠎ᠠ᠃ | 2. ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠵᠦᠢᠯᠡᠰ᠄ ᠲᠣᠰ ᠲᠥᠷᠥᠯ ᠵᠦᠢᠯ ᠢ ᠬᠡᠷᠡᠭᠵᠢᠭᠦᠯᠬᠦ ᠳᠤ | ᠶᠠᠮᠠᠷ ᠣᠪᠣᠷ ᠲᠠᠢ︔ ᠲᠣᠰ ᠲᠥᠷᠥᠯ ᠵᠦᠢᠯ ᠢ ᠬᠡᠷᠡᠭᠵᠢᠭᠦᠯᠬᠦ ᠨᠢ ᠲᠤᠬᠠᠶ ᠶᠢᠨ ᠭᠠᠵᠠᠷ ᠤᠨ ᠨᠡᠶᠢᠭᠡᠮ ᠤᠨ | ᠲᠣᠭᠲᠠᠭᠤᠨ ᠪᠠᠶᠢᠳᠠᠯ ᠳᠤ ᠦᠵᠡᠭᠦᠯᠬᠦ ᠨᠥᠯᠥᠭᠡ︔ ᠲᠣᠰ ᠲᠥᠷᠥᠯ ᠵᠦᠢᠯ ᠢ ᠬᠡᠷᠡᠭᠵᠢᠭᠦᠯᠬᠦ ᠲᠤᠬᠠᠶ ᠰᠠᠨᠠᠯ ᠪᠠ | ᠰᠠᠨᠠᠭᠤᠯᠭ᠎ᠠ᠃ | 3᠂ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠬᠡᠷᠡᠭᠵᠢᠭᠦᠯᠬᠦ ᠲᠠᠯ᠎ᠠ ᠪᠠᠷ ᠬᠢ | ᠣᠯᠠᠨ ᠨᠡᠶᠢᠲᠡ ᠶᠢᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠲᠣᠰ ᠢᠯᠡ ᠨᠡᠶᠢᠲᠡᠯᠡᠭᠰᠡᠨ ᠡᠳᠦᠷ ᠠᠴᠠ ᠡᠬᠢᠯᠡᠨ 15 | ᠡᠳᠦᠷ ᠤᠨ ᠳᠣᠲᠣᠷ᠎ᠠ᠂ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠭᠤ ᠲᠤᠰᠬᠠᠨ᠎ᠠ᠃ | ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠶᠢᠨ ᠬᠠᠷᠢᠭᠤ ᠲᠤᠰᠬᠠᠬᠤ ᠠᠷᠭ᠎ᠠ ᠵᠠᠮ | 1. ᠬᠠᠷᠢᠯᠴᠠᠬᠤ ᠬᠥᠮᠦᠨ᠄ ᠬᠤᠸᠠᠩ ᠰᠢᠶᠤᠤ ᠯᠦᠩ | 2. ᠬᠠᠷᠢᠯᠴᠠᠬᠤ ᠤᠲᠠᠰᠤ᠄ 138 4744 2688 | ᠬᠤᠸᠠᠳᠧ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ | 2025 ᠣᠨ ᠤ 2 ᠰᠠᠷ᠎ᠠ ᠶᠢᠨ 28 ᠤ ᠡᠳᠦᠷ | ᠢᠷᠡᠯᠲᠡ᠄ ᠬᠤᠸᠠᠳᠧ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ | ᠵᠣᠬᠢᠶᠠᠭᠴᠢ᠄ ᠬᠤᠸᠠᠳᠧ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ | ᠣᠷᠴᠢᠭᠤᠯᠤᠭᠴᠢ᠄ ᠭᠠᠩᠭ᠎ᠠ | |