ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠲᠠᠷᠢᠶᠠᠯᠠᠩ ᠤᠨ | ᠬᠡᠪᠴᠢᠶᠡᠲᠦ ᠡᠵᠡᠩᠨᠡᠯᠲᠡ ᠶᠢ ᠠᠬᠢᠭᠤᠯᠬᠤ ᠪᠠ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠶᠢᠨ | ᠲᠥᠯᠥᠭᠡ᠂ ᠡᠨᠡ ᠵᠢᠯ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ | ᠵᠦᠢᠯ ᠤᠨ ᠠᠷᠭ᠎ᠠ ᠬᠡᠮᠵᠢᠶ᠎ᠡ ᠠᠪᠴᠤ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ | ᠴᠢᠩᠭ᠎ᠠ ᠵᠢᠷᠤᠮᠵᠢᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ | ᠠᠬᠢᠭᠤᠯᠪᠠ᠃ | ᠨᠢᠭᠡ ᠳᠤ ᠭᠠᠵᠠᠷ ᠰᠢᠷᠣᠶ ᠬᠡᠷᠡᠭᠯᠡᠬᠦ ᠦᠢᠯᠡᠴᠢᠯᠡᠭᠡ ᠶᠢ ᠴᠢᠩᠳᠠᠯᠠᠨ᠎ᠠ᠃ ᠭᠠᠵᠠᠷ ᠰᠢᠷᠣᠶ ᠠᠰᠢᠭᠯᠠᠬᠤ ᠶᠡᠷᠦᠩᠬᠡᠶ | ᠲᠥᠯᠥᠪᠵᠢᠭᠦᠯᠭᠡ᠂ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ᠂ ᠪᠡᠯᠡᠳᠬᠡᠮᠵᠢ ᠳᠤ ᠲᠠᠷᠢᠶᠠᠯᠠᠩ ᠳᠤ ᠬᠡᠷᠡᠭᠯᠡᠬᠦ | ᠭᠠᠵᠠᠷ ᠢ ᠲᠥᠷᠥᠯ ᠬᠤᠪᠢᠶᠠᠬᠤ ᠬᠢᠭᠡᠳ ᠭᠠᠵᠠᠷ ᠬᠡᠷᠡᠭᠯᠡᠬᠦ ᠪᠠᠷᠢᠮᠵᠢᠶ᠎ᠠ ᠵᠡᠷᠭᠡ ᠲᠣᠭᠲᠠᠭᠠᠯ ᠢ ᠴᠢᠩᠭ᠎ᠠ ᠵᠢᠷᠤᠮᠯᠠᠨ᠂ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠦᠢ ᠵᠣᠬᠢᠰᠲᠠᠶ ᠭᠠᠵᠠᠷ ᠰᠣᠩᠭᠤᠬᠤ ᠶᠢ ᠬᠥᠲᠥᠯᠥᠨ | ᠵᠢᠯᠣᠭᠤᠳᠴᠤ᠂ ᠴᠢᠳᠠᠬᠤ ᠶᠢᠨ ᠳᠣᠲᠣᠷ᠎ᠠ ᠠᠭᠯᠠᠭ ᠠᠭᠤᠯᠠ ᠠᠲᠠᠷ ᠬᠥᠲᠥᠯ ᠵᠡᠷᠭᠡ ᠠᠰᠢᠭᠯᠠᠭᠠᠳᠤᠶ ᠭᠠᠵᠠᠷ ᠪᠣᠯᠤᠨ | ᠦᠷ᠎ᠡ ᠠᠰᠢᠭ ᠢᠶᠠᠷ ᠳᠣᠤᠷ᠎ᠠ ᠰᠤᠯᠠ ᠪᠠᠶᠢᠭ᠎ᠠ ᠭᠠᠵᠠᠷ ᠰᠢᠷᠣᠶ ᠶᠢ ᠠᠰᠢᠭᠯᠠᠵᠤ᠂ ᠲᠠᠷᠢᠶᠠᠨ ᠭᠠᠵᠠᠷ ᠢ ᠡᠵᠡᠯᠡᠬᠦ ᠦᠭᠡᠶ | ᠪᠤᠶᠤ ᠳᠤᠲᠠᠭᠤ ᠡᠵᠡᠯᠡᠵᠦ᠂ ᠳᠠᠭᠠᠯᠲᠠ ᠪᠡᠯᠡᠳᠬᠡᠮᠵᠢ ᠪᠣᠯᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠬᠡᠷᠡᠭᠯᠡᠬᠦ | ᠭᠠᠵᠠᠷ ᠤᠨ ᠬᠡᠪᠴᠢᠶ᠎ᠡ ᠶᠢ ᠵᠦᠢ ᠵᠣᠬᠢᠰᠲᠠᠶ ᠬᠢᠵᠠᠭᠠᠷᠯᠠᠬᠤ ᠬᠡᠷᠡᠭᠲᠡᠶ᠃ | ᠬᠤᠶᠠᠷ ᠲᠤ ᠭᠠᠵᠠᠷ ᠬᠡᠷᠡᠭᠯᠡᠬᠦ ᠳᠡᠰ ᠳᠠᠷᠠᠭᠠᠯᠠᠯ ᠢ ᠴᠢᠩᠳᠠᠯᠠᠬᠤ ᠬᠡᠷᠡᠭᠲᠡᠶ᠃ ᠪᠡᠯᠡᠳᠬᠡᠮᠵᠢᠲᠦ ᠲᠠᠷᠢᠶᠠᠯᠠᠩ ᠳᠤ | ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠶᠠᠪᠤᠴᠠ ᠳᠤ ᠨᠢᠭᠲᠠ ᠬᠠᠮᠵᠢᠯᠴᠠᠵᠤ᠂ | ᠬᠠᠷᠢᠯᠴᠠᠨ ᠬᠢᠨᠠᠯᠲᠠ ᠲᠠᠯᠪᠢᠬᠤ ᠬᠡᠷᠡᠭᠲᠡᠶ᠃ ᠲᠠᠷᠢᠶᠠᠯᠠᠩ᠂ ᠣᠷᠴᠢᠨ ᠲᠣᠭᠤᠷᠢᠨ ᠤ ᠬᠠᠮᠠᠭᠠᠯᠠᠯᠲᠠ᠂ ᠲᠥᠯᠥᠪᠵᠢᠭᠦᠯᠭᠡ | ᠵᠡᠷᠭᠡ ᠨᠢᠭᠡᠴᠢ ᠲᠠᠢ ᠬᠤᠯᠪᠣᠭᠠᠯᠠᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠭᠠᠵᠠᠷ ᠬᠡᠷᠡᠭᠯᠡᠬᠦ | ᠲᠥᠯᠥᠪᠵᠢᠭᠦᠯᠭᠡ᠂ ᠭᠠᠵᠠᠷ ᠬᠡᠷᠡᠭᠯᠡᠬᠦ ᠭᠤᠶᠤᠴᠢᠯᠠᠯ᠂ ᠳᠠᠬᠢᠨ ᠬᠠᠭᠠᠯᠪᠤᠷᠢᠯᠠᠬᠤ ᠵᠥᠪᠯᠡᠯᠴᠡᠭᠡᠷ᠂ ᠪᠦᠷᠢᠳᠬᠡᠨ ᠳᠠᠩᠰᠠᠯᠠᠬᠤ | ᠬᠠᠮᠢᠶᠠᠷᠤᠯᠲᠠ ᠵᠡᠷᠭᠡ ᠮᠡᠳᠡᠭᠡ ᠵᠠᠩᠭᠢ ᠶᠢ ᠬᠢᠨᠠᠮᠠᠭᠠᠶ ᠬᠢᠨᠠᠨ ᠬᠠᠷᠭᠤᠭᠤᠯᠵᠤ᠂ ᠱᠠᠲᠤ ᠱᠠᠲᠤ ᠪᠠᠷ ᠬᠠᠷᠢᠭᠤᠴᠠᠨ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠭᠤᠷᠪᠠ ᠳᠤ ᠭᠠᠵᠠᠷ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠪᠡᠯᠡᠳᠭᠡᠮᠵᠢᠳᠤ ᠲᠠᠷᠢᠶᠠᠯᠠᠩ ᠳᠤ | ᠬᠡᠷᠡᠭᠯᠡᠬᠦ ᠭᠠᠵᠠᠷ ᠢ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠬᠢᠨᠠᠬᠤ | ᠬᠡᠪᠴᠢᠶᠡᠨ ᠳᠤ ᠣᠷᠣᠭᠤᠯᠵᠤ᠂ ᠬᠠᠷᠢᠭᠤᠴᠠᠯᠭ᠎ᠠ ᠶᠢ ᠴᠢᠩᠭᠠᠷᠠᠭᠤᠯᠤᠨ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠬᠢᠨᠠᠨ ᠬᠠᠮᠢᠶᠠᠷᠬᠤ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠲᠠᠷᠢᠶᠠᠯᠠᠩ᠂ | ᠤᠯᠤᠰ ᠤᠨ ᠭᠠᠵᠠᠷ ᠰᠢᠷᠣᠶ᠂ ᠣᠷᠴᠢᠨ ᠲᠣᠭᠤᠷᠢᠨ ᠤ ᠬᠠᠮᠠᠭᠠᠯᠠᠯᠲᠠ᠂ ᠲᠥᠯᠥᠪᠵᠢᠭᠦᠯᠭᠡ ᠵᠡᠷᠭᠡ ᠣᠯᠠᠨ ᠱᠠᠲᠤ | ᠳᠠᠪᠬᠤᠷᠭ᠎ᠠ ᠪᠦᠬᠦᠢ ᠮᠥᠷᠳᠡᠨ ᠬᠢᠨᠠᠨ ᠬᠠᠮᠢᠶᠠᠷᠬᠤ ᠲᠣᠤᠷ ᠰᠦᠯᠵᠢᠶ᠎ᠡ ᠶᠢᠨ ᠦᠢᠯᠡᠳᠦᠯ ᠢ ᠪᠠᠳᠠᠷᠠᠭᠤᠯᠤᠨ᠂ | ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠭᠠᠵᠠᠷ ᠰᠢᠷᠣᠶ ᠠᠰᠢᠭᠯᠠᠬᠤ᠂ ᠪᠠᠷᠢᠯᠭ᠎ᠠ ᠪᠠᠷᠢᠬᠤ ᠪᠦᠲᠦᠭᠡᠨ | ᠪᠠᠶᠢᠭᠤᠯᠤᠯᠲᠠ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ᠂ ᠡᠵᠡᠩᠨᠡᠬᠦ ᠦᠢᠯᠡ ᠠᠵᠢᠯᠯᠠᠭ᠎ᠠ᠂ ᠭᠤᠤᠯ | ᠴᠣᠭᠴᠠ ᠶᠢ ᠨᠢ ᠬᠤᠪᠢᠷᠠᠭᠤᠯᠬᠤ᠂ ᠭᠠᠷᠳᠠᠮ ᠢ ᠨᠢ ᠮᠡᠳᠡᠭᠦᠯᠦᠨ ᠳᠠᠩᠰᠠᠯᠠᠭᠤᠯᠬᠤ ᠵᠡᠷᠭᠡ ᠮᠡᠳᠡᠭᠡ ᠵᠠᠩᠭᠢ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ᠳᠥᠷᠪᠡ ᠳᠤ ᠭᠠᠵᠠᠷ ᠬᠡᠷᠡᠭᠯᠡᠬᠦ ᠬᠠᠤᠯᠢ ᠬᠡᠷᠡᠭᠵᠢᠭᠦᠯᠦᠯᠲᠡ ᠶᠢ ᠴᠢᠩᠳᠠᠯᠠᠪᠠ᠃ ᠪᠡᠯᠡᠳᠬᠡᠮᠵᠢᠲᠦ ᠲᠠᠷᠢᠶᠠᠯᠠᠩ ᠳᠤ | ᠬᠡᠷᠡᠭᠯᠡᠬᠦ ᠭᠠᠵᠠᠷ ᠢ ᠭᠠᠵᠠᠷ ᠰᠢᠷᠣᠶ ᠶᠢᠨ ᠬᠠᠤᠯᠢ ᠬᠡᠷᠡᠭᠵᠢᠭᠦᠯᠬᠦ ᠡᠳᠦᠷ ᠲᠤᠲᠤᠮ ᠤᠨ ᠬᠥᠳᠡᠯᠦᠩᠭᠦᠶ ᠲᠣᠭᠤᠷᠢᠨ | ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠰᠡᠷᠭᠡᠶᠢᠯᠡᠬᠦ ᠪᠠᠨ ᠴᠢᠩᠭᠠᠳᠬᠠᠨ᠂ ᠴᠢᠩᠭ᠎ᠠ ᠴᠣᠬᠢᠯᠲᠠ ᠥᠭᠬᠦ ᠬᠡᠷᠡᠭᠲᠡᠶ᠃ | ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠣᠭᠲᠠᠭᠠᠯ ᠤᠨ ᠶᠣᠰᠣᠭᠠᠷ ᠭᠠᠵᠠᠷ ᠰᠢᠷᠣᠶ ᠬᠡᠷᠡᠭᠯᠡᠬᠦ | ᠦᠵᠡᠭᠳᠡᠯ ᠢ ᠡᠷᠲᠡ ᠣᠯᠵᠤ ᠮᠡᠳᠡᠬᠦ᠂ ᠡᠷᠲᠡ ᠬᠤᠷᠢᠭᠯᠠᠬᠤ᠂ ᠡᠷᠲᠡ ᠮᠡᠳᠡᠭᠦᠯᠬᠦ᠂ ᠡᠷᠲᠡ ᠪᠠᠶᠢᠴᠠᠭᠠᠨ ᠰᠢᠶ᠋ᠳᠪᠦᠷᠢᠯᠡᠬᠦ | ᠬᠡᠷᠡᠭᠲᠡᠶ᠃ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠪᠤᠰᠤᠳ ᠲᠠᠷᠢᠶᠠᠯᠠᠩ ᠤᠨ ᠪᠤᠰᠤ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ | ᠬᠡᠷᠡᠭᠯᠡᠬᠦ᠂ ᠪᠡᠯᠡᠳᠬᠡᠮᠵᠢ ᠶᠢᠨ ᠬᠡᠷᠡᠭᠯᠡᠬᠦ ᠭᠠᠵᠠᠷ ᠤᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠬᠦ᠂ ᠪᠡᠯᠡᠳᠬᠡᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠡᠵᠡᠩᠨᠡᠯᠲᠡ ᠶᠢᠨ ᠰᠢᠨᠵᠢ ᠴᠢᠨᠠᠷ ᠢ ᠳᠤᠷ᠎ᠠ ᠪᠠᠷ ᠢᠶᠠᠨ ᠬᠤᠪᠢᠷᠠᠭᠤᠯᠬᠤ ᠵᠡᠷᠭᠡ | ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠨᠡᠮᠡᠭᠳᠡᠭᠦᠯᠬᠦ | ᠬᠡᠷᠡᠭᠲᠡᠶ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |