ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠤᠩᠰᠢᠬᠤ ᠠᠩᠭᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2025/4/1

    4 ᠰᠠᠷ᠎ᠠ ᠶᠢᠨ 1 ᠤ ᠡᠳᠦᠷ᠂ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ

ᠤᠳᠤᠷᠢᠳᠬᠤ ᠳᠤᠭᠤᠶᠢᠯᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ

ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠬᠢᠴᠢᠶᠡᠯ ᠡᠬᠢᠯᠡᠪᠡ᠃ ᠰᠢᠶᠠᠨ ᠤ

ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠰᠤᠷᠤᠯᠭ᠎ᠠ

ᠡᠬᠢᠯᠡᠬᠦ ᠶᠣᠰᠣᠯᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

    ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠡᠩ ᠥᠨᠳᠥᠷ ᠵᠣᠭᠰᠣᠴᠠ ᠪᠠᠷ

ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠣᠶᠢᠯᠠᠭᠠᠵᠤ᠂ ︽ᠬᠤᠶᠠᠷ ᠢ

ᠲᠣᠭᠲᠠᠭᠠᠬᠤ︾ ᠶᠢ ᠴᠢᠩ ᠰᠡᠳᠬᠢᠯ ᠠᠴᠠ ᠪᠠᠨ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ

ᠦᠢᠯᠡᠳᠦᠯᠭᠡᠵᠢᠭᠦᠯᠬᠦ ᠤᠯᠤᠰ ᠲᠦᠷᠦ ᠶᠢᠨ ᠦᠨᠳᠦᠷᠴᠡ ᠠᠴᠠ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ

ᠣᠷᠳᠣᠨ ᠤ ᠰᠤᠷᠲᠠᠯ ᠤᠨ ᠪᠠᠶᠢᠭᠤᠯᠤᠯᠲᠠ ᠶᠢᠨ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ

ᠨᠠᠶᠢᠳᠠᠪᠤᠷᠢᠵᠢᠭᠤᠯᠬᠤ ᠬᠡᠷᠡᠭᠲᠡᠢ᠃ ᠬᠠᠷᠠᠯᠲᠠ ᠱᠠᠭᠠᠷᠳᠠᠯᠭ᠎ᠠ ᠶᠢ ᠡᠵᠡᠮᠳᠡᠵᠦ᠂ ᠨᠡᠩ ᠴᠢᠩᠭ᠎ᠠ ᠠᠷᠭ᠎ᠠ ᠬᠡᠮᠵᠢᠶ᠎ᠡ ᠪᠠᠷ

ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠲᠥᠪ ᠤᠨ ᠨᠠᠢᠮᠠᠨ

ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ

ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠢ ᠡᠮᠬᠢ

ᠵᠢᠷᠤᠮ ᠲᠠᠢ ᠠᠬᠢᠭᠤᠯᠬᠤ ᠶᠢ ᠪᠠᠲᠤᠯᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ

ᠥᠷᠨᠢᠭᠦᠯᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠨᠠᠷᠢᠨ ᠬᠢᠨᠠᠮᠠᠭᠠᠢ ᠵᠠᠳᠠᠯᠵᠤ᠂ ᠴᠡᠭᠴᠡᠯᠡᠨ

ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠨᠠᠮ ᠤᠨ ᠲᠥᠪ

ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ

ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠵᠤ᠂ ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ

ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ ᠠᠵᠢᠯᠯᠠᠭ᠎ᠠ︾ ᠶᠢ

ᠥᠷᠨᠢᠭᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ᠃

    ᠬᠤᠷᠠᠯ ᠳᠡᠭᠡᠷ᠎ᠡ ᠪᠠᠰᠠ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠵᠠᠩ ᠢᠦᠶ ᠶᠢ

ᠣᠨᠴᠠ ᠤᠷᠢᠵᠤ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂

ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ︾ ᠭᠤᠤᠯ ᠰᠡᠳᠦᠪ ᠤᠨ

ᠲᠣᠭᠤᠷᠢᠨ ᠳᠤ ᠲᠤᠰᠬᠠᠶ ᠰᠡᠳᠦᠪᠲᠦ ᠬᠢᠴᠢᠶᠡᠯ ᠣᠷᠣᠪᠠ᠃

    ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠬᠠᠶ ᠰᠡᠳᠦᠪᠲᠦ ᠨᠣᠮ ᠤᠩᠰᠢᠬᠤ ᠠᠩᠭᠢ 2 ᠡᠳᠦᠷ ᠶᠠᠪᠤᠭᠳᠠᠵᠤ᠂

ᠭᠤᠤᠯᠳᠠᠭᠤ ᠲᠤᠰᠬᠠᠶ ᠮᠡᠷᠭᠡᠵᠢᠯᠲᠡᠨ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂

ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ︽ᠨᠠᠮ ᠤᠨ ᠰᠤᠷᠲᠠᠯ ᠤᠨ ᠪᠠᠶᠢᠭᠤᠯᠤᠯᠲᠠ ᠶᠢ

ᠴᠢᠩᠭᠠᠳᠬᠠᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ ᠰᠤᠷᠤᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2